| ᠣᠶᠢᠷ᠎ᠠ ᠳᠤ᠂ ᠥᠪᠥᠷ ᠮᠣᠩᠭᠤᠯ ᠤᠨ ᠰᠦ᠋ ᠶᠤᠸᠠᠢ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠵᠢᠯ ᠳᠤ 80 ᠲᠦᠮᠡᠨ ᠲᠣᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢ | ᠰᠢᠢᠳᠪᠦᠷᠢᠯᠡᠬᠦ ᠪᠣᠬᠢᠷᠲᠤᠯ ᠥᠬᠡᠶ ᠤᠷᠴᠢᠯᠲᠤ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠹᠧᠩᠵᠧᠨ ᠤ ᠣᠷᠴᠢᠯ | ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠪᠠᠷᠢᠯᠭ᠎ᠠ ᠡᠬᠢᠯᠡᠭᠦᠯᠦᠨ ᠪᠠᠶᠢᠭᠤᠯᠤᠨ᠎ᠠ᠃ ᠲᠣᠰ ᠲᠥᠷᠥᠯ ᠤᠨ | ᠪᠠᠷᠢᠯᠭ᠎ᠠ ᠶᠢ ᠡᠬᠢᠯᠡᠨ ᠪᠥᠲᠥᠭᠡᠨ ᠪᠠᠶᠢᠭᠤᠯᠬᠤ ᠨᠢ ᠹᠧᠩᠵᠧᠨ ᠬᠤᠲᠠ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠬᠦᠷᠢᠶᠡᠨ ᠳᠠᠬᠢ ᠨᠢᠭᠡ ᠤᠳᠠᠭᠠᠨ ᠤ ᠴᠢᠬᠤᠯᠠ | ᠶᠡᠭᠡ ᠰᠢᠪᠲᠤᠯᠤᠯᠲᠠ ᠪᠣᠯᠬᠤ ᠪᠠᠷ ᠪᠠᠷᠠᠬᠤ ᠥᠬᠡᠶ᠂ ᠪᠠᠰᠠᠴᠦ ᠪᠣᠬᠢᠷᠲᠤᠯ ᠥᠬᠡᠶ ᠬᠥᠭᠵᠢᠯᠲᠡ ᠶᠢ ᠭᠦᠨᠵᠡᠭᠡᠶ | ᠦᠢᠯᠡᠳᠦᠯᠭᠡᠵᠢᠭᠦᠯᠬᠦ ᠪᠣᠳᠠᠲᠠᠶ ᠠᠷᠭ᠎ᠠ ᠬᠡᠮᠵᠢᠶ᠎ᠡ ᠪᠠᠶᠢᠵᠤ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠡᠯ᠎ᠡ ᠠᠵᠢᠯ ᠤᠨ ᠣᠷᠣᠨ | ᠲᠣᠭᠤᠷᠢᠭ ᠲᠤ ᠡᠮᠬᠢ ᠳᠢᠭᠯᠢᠮ ᠲᠠᠢ ᠪᠠᠷᠢᠯᠭ᠎ᠠ ᠶᠢᠨ ᠠᠵᠢᠯ ᠤᠨ ᠪᠠᠶᠢᠳᠠᠯ ᠢᠯᠡᠷᠡᠨ᠎ᠡ᠃ ᠠᠵᠢᠯᠴᠢᠳ ᠡᠷᠴᠢ ᠵᠣᠷᠢᠭ | ᠲᠡᠭᠦᠯᠳᠡᠷ ᠪᠠᠶᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠠᠭᠠᠨ᠎ᠠ᠃ | | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠹᠧᠩᠵᠧᠨ ᠬᠤᠲᠠ ᠶᠢᠨ ᠢᠲ᠋ᠦ᠋ᠩ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠵᠠᠭᠤ ᠳᠤ ᠪᠠᠶᠢᠷᠢᠯᠠᠵᠤ᠂ 100 ᠭᠠᠷᠤᠶ ᠮᠥ ᠲᠠᠯᠠᠪᠠᠶ ᠲᠠᠢ᠃ | ᠲᠥᠷᠥᠯ ᠵᠦᠢᠯ ᠨᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠭᠠᠷᠳᠠᠮ ᠭᠦᠢᠴᠡᠳᠭᠡᠬᠦ ᠬᠥᠮᠥᠷᠭᠡ ᠶᠢᠨ | ᠣᠷᠣᠶ ᠵᠢᠴᠢ ᠲᠣᠰ ᠲᠥᠷᠥᠯ ᠵᠦᠢᠯ ᠤᠨ ᠦᠢᠯᠡᠳᠪᠦᠷᠢ ᠶᠢᠨ ᠣᠷᠣᠶ ᠳᠡᠭᠡᠷ᠎ᠡ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ ᠪᠡᠯᠡᠳᠬᠡᠮᠵᠢ ᠪᠠᠶᠢᠭᠤᠯᠬᠤ ᠪᠠᠷ ᠳᠡᠮᠵᠢᠨ᠂ ᠴᠡᠪᠡᠷ ᠨᠡᠷᠡᠨ ᠤ ᠡᠨᠧᠷᠭᠢ ᠶᠢ ᠴᠠᠬᠢᠯᠭᠠᠨ ᠡᠨᠧᠷᠭᠢ ᠪᠣᠯᠭᠠᠨ | ᠬᠤᠪᠢᠷᠠᠭᠤᠯᠵᠤ᠂ ᠬᠦᠷᠢᠶᠡᠯᠡᠩ ᠲᠣᠭᠤᠷᠢᠭ ᠤᠨ ᠳᠣᠲᠣᠷᠠᠬᠢ ᠴᠠᠬᠢᠯᠭᠠᠨ ᠬᠡᠷᠡᠭᠯᠡᠬᠦ ᠠᠵᠤ ᠠᠬᠤᠶᠢᠯᠠᠯ᠂ ᠰᠢᠨ᠎ᠡ | ᠡᠨᠧᠷᠭᠢ ᠶᠢᠨ ᠰᠤᠷᠪᠤᠯᠵᠢ ᠶᠢᠨ ᠬᠦᠨᠳᠦ ᠺᠠᠷᠲ ᠵᠡᠷᠭᠡ ᠲᠥᠬᠦᠭᠡᠷᠦᠮᠵᠢ ᠳᠤ ᠪᠣᠬᠢᠷᠲᠤᠯ ᠥᠬᠡᠶ ᠬᠥᠳᠡᠯᠭᠡᠬᠦ ᠬᠦᠴᠦᠨ | ᠬᠠᠩᠭᠠᠬᠤ ᠶᠢᠨ ᠬᠠᠮᠲᠤ᠂ ᠲᠦᠷᠦᠯ ᠵᠦᠢᠯ ᠨᠢ ᠪᠠᠰᠠ ᠪᠦᠬᠦ ᠤᠶᠤᠨᠲᠤ ᠤᠯᠠᠨ ᠲᠦᠷᠦᠯ ᠵᠦᠢᠯ ᠤᠨ ᠲᠣᠭᠤᠰᠬ᠎ᠠ | ᠬᠢᠬᠦ ᠱᠤᠭᠤᠮ᠂ ᠳᠤᠮᠳᠠ ᠳᠠᠪᠲᠠᠮᠵᠢᠲᠤ ᠵᠤᠤᠬ᠎ᠠ ᠶᠢᠨ ᠦᠢᠯᠡᠳᠪᠦᠷᠢᠯᠡᠯ ᠤᠨ ᠱᠤᠭᠤᠮ᠂ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢ ᠢᠯᠭᠠᠨ ᠰᠣᠩᠭᠤᠬᠤ ᠱᠤᠭᠤᠮ ᠢ ᠲᠥᠯᠥᠪᠵᠢᠭᠦᠯᠦᠨ ᠪᠠᠶᠢᠭᠤᠯᠵᠤ᠂ | ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠡᠷᠭᠢᠯᠳᠦᠭᠦᠯᠦᠨ ᠠᠰᠢᠭᠯᠠᠬᠤ ᠪᠠ ᠪᠣᠬᠢᠷᠲᠤᠯ ᠦᠭᠡᠢ ᠡᠨᠧᠷᠭᠢ ᠶᠢᠨ | ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠬᠤ ᠶᠢ ᠪᠡᠶᠡᠯᠡᠭᠦᠯᠵᠦ᠂ ᠹᠧᠩᠵᠧᠨ ᠬᠤᠳᠠ ᠶᠢᠨ ᠪᠣᠬᠢᠷᠲᠤᠯ ᠦᠭᠡᠢ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠠᠮᠡᠷᠢᠯᠡᠨ᠎ᠡ᠃ | | | | ᠵᠣᠬᠢᠶᠠᠭᠴᠢ᠄ ᠬᠤᠤ ᠴᠧᠨ ᠹᠧᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |