ᠴᠠᠬᠢᠯᠭᠠᠨ ᠬᠠᠩᠭᠠᠬᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠠᠮᠤᠷ ᠲᠦᠪᠰᠢᠨ ᠢ ᠰᠠᠬᠢᠨ ᠠᠮᠤᠷ ᠲᠠᠶᠢᠪᠤᠩ ᠢ ᠪᠠᠳᠤᠯᠠᠨ᠎ᠠ
ᠨᠡᠶᠢᠲᠡᠯᠡᠭᠰᠡᠨ ᠴᠠᠭ᠄
2025/4/14
  4 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠯᠠᠭᠠᠨᠴᠠᠪ ᠤᠨ ᠹᠧᠩᠵᠧᠨ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠹᠧᠩᠵᠧᠨ ᠬᠤᠲᠠ ᠶᠢᠨ ᠰᠢᠨ ᠮᠢᠶᠣᠣ ᠹᠠᠩ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠪ ᠲᠤ ᠬᠦᠷᠴᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢᠨ ᠲᠤᠬᠠᠶ ᠠᠮᠢᠳᠤᠯᠢᠭ ᠰᠣᠨᠢᠷᠬᠠᠯᠲᠠᠶ ᠲᠠᠶᠢᠯᠤᠮᠵᠢ ᠥᠷᠨᠢᠭᠦᠯᠵᠦ᠂ ᠪᠢᠴᠢᠬᠠᠨ ᠨᠠᠶᠢᠵᠠ ᠨᠠᠷ ᠲᠤ ᠰᠢᠨ᠎ᠡ ᠰᠡᠪᠡᠭᠦᠨ ︽ᠠᠮᠤᠷ ᠲᠦᠪᠰᠢᠨ ᠤ ᠬᠢᠴᠢᠶᠡᠯ︾ ᠢ ᠬᠦᠷᠭᠡᠭᠰᠡᠨ ᠪᠠᠶᠢᠨ᠎ᠠ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠴᠠᠬᠢᠯᠭᠠᠨ ᠬᠠᠩᠭᠠᠬᠤ ᠺᠣᠮᠫᠠᠨᠢ ᠶᠢᠨ ᠠᠵᠢᠯᠲᠠᠳ ︽ᠴᠠᠬᠢᠯᠭᠠᠨ ᠬᠦᠴᠦᠨ ᠤ ᠪᠠᠭᠰᠢ︾ ᠪᠤᠯᠵᠤ᠂ ᠬᠡᠦᠬᠡᠳ ᠤᠨ ᠰᠣᠨᠢᠷᠬᠠᠯ ᠢᠶᠠᠷ ᠪᠢᠯᠬᠠᠮ᠎ᠠ ᠦᠭᠡ ᠬᠡᠯᠡ᠂ ᠬᠥᠭᠡᠷᠦᠬᠦᠨ ᠺᠠᠷᠲ᠋ᠣᠨ ᠸᠢᠳᠢᠣ᠋ ᠪᠣᠯᠤᠨ ᠳᠥᠭᠦᠮ ᠣᠶᠢᠯᠠᠭᠠᠮᠵᠢᠲᠠᠢ ᠪᠠᠭᠠᠵᠢ ᠬᠡᠷᠡᠭᠰᠡᠯ ᠢᠶᠠᠷ ᠪᠢᠴᠢᠬᠠᠨ ᠨᠠᠶᠢᠵᠠ ᠨᠠᠷ ᠲᠤ ᠴᠠᠬᠢᠯᠭᠠᠨ ᠤ ᠢᠷᠡᠯᠳᠡ᠂ ᠬᠡᠷᠡᠭᠴᠡᠭᠡ ᠵᠢᠴᠢ ᠴᠠᠬᠢᠯᠭᠠᠨ ᠢ ᠬᠡᠷᠬᠢᠨ ᠠᠮᠤᠷ ᠲᠦᠪᠰᠢᠨ ᠢᠶᠠᠷ ᠬᠡᠷᠡᠭᠯᠡᠬᠦ ᠶᠢ ᠲᠠᠶᠢᠯᠪᠤᠷᠢᠯᠠᠨ ᠦᠭᠪᠡ᠃ ᠠᠰᠠᠭᠤᠯᠲᠠ ᠬᠠᠷᠢᠭᠤᠯᠲᠠ ᠶᠢᠨ ᠬᠠᠷᠢᠯᠴᠠᠨ ᠦᠢᠯᠡᠳᠦᠯᠴᠡᠬᠦ ᠶᠠᠪᠤᠴᠠ ᠳᠤ᠂ ᠪᠢᠴᠢᠬᠠᠨ ᠨᠠᠶᠢᠵᠠ ᠨᠠᠷ ᠭᠠᠷ ᠢᠶᠠᠨ ᠡᠷᠬᠦᠨ ᠠᠰᠠᠭᠤᠯᠲᠠ ᠬᠠᠷᠢᠭᠤᠯᠬᠤ ᠪᠠᠷ ᠪᠤᠯᠢᠶᠠᠯᠳᠤᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠲᠦᠢᠯ ᠤᠨ ᠬᠦᠷ ᠬᠥᠭᠵᠢᠶᠡᠨ ᠲᠠᠢ ᠪᠠᠶᠢᠯ᠎ᠠ᠃ ᠠᠵᠢᠯᠲᠠᠳ ᠪᠠᠰᠠ ᠠᠰᠠᠭᠤᠯᠲᠠ ᠶᠢ ᠬᠠᠷᠢᠭᠤᠯᠤᠭᠰᠠᠨ ᠪᠢᠴᠢᠬᠠᠨ ᠨᠠᠶᠢᠵᠠ ᠳᠤ ᠭᠤᠶᠢᠳᠠ ᠰᠠᠶᠢᠬᠠᠨ ᠪᠡᠯᠡᠭ ᠬᠦᠷᠭᠡᠪᠡ᠃    ᠲᠣᠰ ᠤᠳᠠᠭᠠᠨ ᠤ ᠠᠵᠢᠯᠯᠠᠭ᠎ᠠ ᠨᠢ ᠬᠡᠤᠬᠡᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠳᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠦᠨᠳᠦᠰᠦᠨ ᠶᠡᠷᠦ ᠶᠢᠨ ᠮᠡᠳᠡᠯᠭᠡ ᠶᠢ ᠡᠵᠡᠮᠰᠢᠭᠦᠯᠦᠭᠰᠡᠨ ᠢᠶᠠᠷ ᠪᠠᠷᠠᠬᠤ ᠥᠬᠡᠶ᠂ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠴᠤ ᠤᠯᠠᠮ ᠨᠢᠭᠡ ᠠᠯᠬᠤᠮ ᠴᠢᠩᠭᠠᠳᠬᠠᠪᠠ᠃      ᠵᠣᠬᠢᠶᠠᠭᠴᠢ᠄ ᠵᠠᠩ ᠿᠢ ᠵᠢᠤᠸᠠᠨ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3