| 4 ᠰᠠᠷ᠎ᠠ ᠶᠢᠨ 11 ᠤ ᠡᠳᠦᠷ᠂ ᠹᠧᠩᠵᠧᠨ ᠬᠤᠲᠠ ᠶᠢᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠢᠨ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠭᠦᠢᠴᠡᠳᠬᠡᠬᠦ ᠵᠦᠪᠯᠡᠯ ᠤᠨ ︵ | ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠨᠠᠢᠮᠠᠳᠤᠭᠠᠷ ᠬᠤᠭᠤᠴᠠᠭᠠᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠭᠦᠢᠴᠡᠳᠭᠡᠬᠦ ᠵᠥᠪᠯᠡᠯ ᠤᠨ ᠭᠡᠰᠢᠭᠦᠨ᠂ 12 ᠭᠡᠰᠢᠭᠦᠨ ᠤ ᠲᠥᠯᠥᠭᠡᠯᠡᠭᠴᠢ ᠨᠠᠷ ᠬᠤᠷᠠᠯ ᠳᠤ | ᠣᠷᠣᠯᠴᠠᠪᠠ᠃ | | ᠬᠤᠷᠠᠯ ᠳᠡᠭᠡᠷ᠎ᠡ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠶᠢᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ | ᠭᠤᠷᠪᠠᠳᠤᠭᠠᠷ ᠤᠳᠠᠭᠠᠨ ᠤ ᠭᠦᠢᠴᠡᠳᠬᠡᠬᠦ ᠵᠥᠪᠯᠡᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ | ᠭᠦᠢᠴᠡᠳᠬᠡᠬᠦ ᠵᠥᠪᠯᠡᠯ ᠤᠨ ᠬᠤᠷᠠᠯ᠂ ᠤᠯᠠᠭᠠᠨᠴᠠᠪ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠭᠦᠢᠴᠡᠳᠬᠡᠬᠦ ᠵᠥᠪᠯᠡᠯ ᠤᠨ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ︔ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ | ᠨᠠᠢᠮᠠᠳᠤᠭᠠᠷ ᠬᠤᠭᠤᠴᠠᠭᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠦᠢᠴᠡᠳᠬᠡᠬᠦ ᠵᠥᠪᠯᠡᠯ ᠢ | ᠲᠥᠯᠥᠭᠡᠯᠡᠨ ᠠᠵᠢᠯ ᠤᠨ ᠮᠡᠳᠡᠭᠦᠯᠦᠯᠲᠡ ᠬᠢᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ 2024 ᠣᠨ ᠤ | ᠠᠵᠢᠯ ᠢ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ︔ ᠬᠤᠷᠠᠯ ᠠᠴᠠ | ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠪᠠᠲᠤᠯᠠᠪᠠ︔ ᠹᠧᠩᠵᠧᠨ ᠤ ᠠᠵᠤ ᠠᠬᠤᠶ ᠶᠢᠨ | ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠠᠵᠢᠯ ᠣᠯᠭᠤᠯᠲᠠ ᠶᠢ ᠠᠬᠢᠭᠤᠯᠬᠤ᠂ ᠨᠡᠶᠢᠲᠡ ᠶᠢᠨ ᠠᠰᠠᠷᠠᠮᠵᠢ ᠶᠢᠨ | ᠦᠢᠯᠡᠰ ᠲᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠬᠤᠪᠢ ᠨᠡᠮᠡᠷᠢ ᠦᠵᠡᠭᠦᠯᠦᠭᠰᠡᠨ ᠭᠡᠰᠢᠭᠦᠨ ᠠᠵᠤ ᠠᠬᠤᠶᠢᠯᠠᠯ ᠢ | ᠬᠠᠮᠳᠤᠪᠠᠷ ᠲᠣᠬᠤᠨᠢᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ︽ | ᠬᠤᠶᠠᠷ ᠡᠷᠡᠭᠦᠯ ᠮᠡᠨᠳᠤ︾ ᠶᠢ ᠠᠬᠢᠭᠤᠯᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ | ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠨ ᠪᠤᠵᠠᠭᠠᠢᠢᠷᠠᠬᠤ ᠶᠢ ᠳᠡᠮᠵᠢᠬᠦ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨᠬᠦ ᠠᠳᠬᠤᠨ ᠪᠣᠳᠠᠲᠠᠢ ᠠᠵᠢᠯᠯᠠᠵᠤ᠂ | ᠮᠠᠨ ᠤ ᠬᠤᠳᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠭᠠᠷᠠᠢ ᠬᠡᠪᠡ᠃ | | | ᠵᠣᠬᠢᠶᠠᠭᠴᠢ᠄ ᠵᠢᠶᠠ ᠯᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |