ᠹᠧᠩᠵᠧᠨ ᠬᠤᠲᠠ ᠶᠢᠨ ᠬᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠣᠯᠳᠠᠯᠭ᠎ᠠ ᠲᠠᠢ ᠠᠵᠢᠯ ᠤᠨ ᠠᠬᠢᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
   4 ᠰᠠᠷ᠎ᠠ ᠶᠢᠨ 10 ᠤ ᠡᠳᠦᠷ᠂ ᠹᠧᠩᠵᠧᠨ ᠬᠤᠲᠠ ᠶᠢᠨ ᠬᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠵᠢᠶᠠᠨ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠦ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃

   ᠬᠤᠷᠠᠯ ᠳᠡᠭᠡᠷ᠎ᠡ᠂ ᠨᠠᠮ ᠤᠨ ᠪᠠᠶᠢᠭᠤᠯᠤᠯᠲᠠ ᠪᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠬᠦᠳᠦᠯᠦᠨ

ᠳᠠᠭᠠᠭᠤᠯᠵᠤ᠂ ᠨᠢᠭᠲᠠ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂

ᠡᠷᠡᠭᠦᠯ ᠮᠡᠨᠳᠦ ᠪᠠᠷ ᠬᠠᠪᠰᠤᠷᠤᠨ ᠲᠡᠳᠬᠦᠬᠦ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠡᠷᠡᠭᠦᠯ ᠡᠩᠬᠡ ᠹᠧᠩᠵᠧᠨ ᠤ

ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ

ᠡᠵᠡᠮᠳᠡᠬᠦ ᠪᠠ ᠬᠢᠲᠠᠳ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠵᠤ᠂ ︽

ᠨᠢᠭᠡ ᠨᠠᠰᠤᠲᠠᠨ ᠨᠢᠭᠡ ᠪᠠᠭ᠎ᠠ ᠬᠡᠦᠬᠡᠳ︾ ᠤᠨ ᠦᠢᠯᠡᠴᠢᠯᠡᠭᠡᠨ ᠤ ᠲᠦᠪᠰᠢᠨ ᠢ

ᠪᠠᠬᠢᠵᠢᠭᠦᠯᠬᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠤᠰᠬᠠᠢ

ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ

ᠲᠤᠬᠢᠷᠠᠭᠤᠯᠪᠠ᠃

   ᠬᠤᠷᠠᠯ ᠠᠴᠠ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠷᠡᠭᠦᠯ ᠬᠠᠮᠠᠭᠠᠯᠠᠯ

ᠡᠷᠡᠭᠦᠯ ᠮᠡᠨᠳᠦ ᠶᠢᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂

ᠠᠮᠤᠷ ᠠᠮᠤᠭᠤᠯᠠᠩ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠯ᠎ᠡ ᠵᠦᠢᠯ ᠤᠨ

ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠯᠠᠪᠳᠠᠭᠤᠨ ᠢᠶᠠᠷ ᠠᠬᠢᠭᠤᠯᠬᠤ ᠶᠢ

ᠱᠠᠭᠠᠷᠳᠠᠪᠠ᠃

      ᠤᠷᠴᠢᠭᠤᠯᠤᠭᠴᠢ᠄ ᠬᠠᠨ ᠰᠢᠶᠤᠤ ᠿᠦᠩ

      ᠬᠢᠨᠠᠭᠴᠢ᠄ ᠼᠦᠢ ᠶᠢᠩ

 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3