ᠯᠢ ᠶᠢᠩ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠬᠠᠮᠢᠶ᠎ᠠ ᠪᠦᠬᠦᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/14
  4 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠬᠤᠯᠪᠣᠭᠳᠠᠯ ᠪᠥᠬᠦᠶ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠳᠠ ᠶᠢᠨ ᠤᠳᠤᠷᠢᠳᠤᠯᠭ᠎ᠠ ᠫᠠᠩ ᠴᠤᠤ᠂ ᠵᠠᠩ ᠰᠢᠨ᠂ ᠵᠧᠦ ᠵᠢᠶᠠᠨ ᠫᠢᠩ ᠨᠡᠷ ᠣᠷᠣᠯᠴᠠᠪᠠ᠃
   ᠯᠢ ᠶᠢᠩ ᠢ ᠰᠢᠨ ᠨᠠᠰᠤᠲᠠᠶᠢᠴᠤᠳ ᠤᠨ ᠬᠦᠷᠢᠶᠡᠯᠡᠩ ᠳᠤ ᠬᠤᠭᠤᠯᠠᠨ ᠭᠡᠷ᠂ ᠤᠨᠲᠠᠬᠤ ᠦᠷᠦᠭᠡ᠂ ᠪᠡᠶ᠎ᠡ ᠴᠢᠭᠢᠷᠠᠭᠵᠢᠭᠤᠯᠬᠤ ᠦᠷᠦᠭᠡ ᠵᠡᠷᠭᠡ ᠲᠠᠯᠠᠪᠤᠷ ᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠮᠤᠷ ᠲᠦᠪᠰᠢᠨ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ  ᠰᠤᠨᠤᠰᠪᠠ᠃
   ᠯᠢ ᠶᠢᠩ᠄ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ︔ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠡᠬᠢ ᠡᠭᠦᠰᠦᠯ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠠᠰᠤᠲᠠᠶᠢᠴᠤᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠳᠤ ᠴᠢᠭᠯᠡᠭᠦᠯᠦᠨ᠂ ᠯᠢ ᠶᠢᠩ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠥᠬᠦᠷᠵᠢᠭᠦᠯᠦᠯᠲᠡ ᠶᠢ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠤᠯᠪᠠᠰᠤᠷᠠᠭᠤᠯᠤᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ︔ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠪᠣᠯᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯ᠎ᠠ ᠪᠠᠷ᠂ ᠯᠢ ᠶᠢᠩ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ᠂ ᠰᠡᠳᠬᠢᠴᠡ ᠶᠢᠨ ᠵᠢᠯᠣᠭᠤᠳᠣᠯᠭ᠎ᠠ ᠵᠡᠷᠭᠡ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠨᠠᠰᠤᠲᠠᠶᠢᠴᠤᠳ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ ᠭᠡᠪᠡ᠃      ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3