ᠯᠢ ᠶᠢᠩ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠰᠢᠪᠠᠳᠠᠨ ᠵᠢᠯᠤᠭᠤᠳᠪᠠ
ᠨᠡᠶᠢᠲᠡᠯᠡᠭᠰᠡᠨ ᠴᠠᠭ᠄
2025/4/14
    4 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠩ ᠱᠠ ᠪᠠ ᠪᠠᠯᠭᠠᠰᠤᠨ ᠳᠤ ᠭᠦᠨᠵᠡᠭᠡᠶᠢᠷᠡᠨ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠬᠢᠨᠠᠨ ᠵᠢᠯᠣᠭᠤᠳᠣᠯᠭ᠎ᠠ ᠥᠷᠨᠢᠭᠦᠯᠦᠭᠰᠡᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠫᠠᠩ ᠴᠤᠤ᠂ ᠵᠠᠩ ᠰᠢᠨ ᠨᠡᠷ ᠰᠢᠪᠠᠳᠠᠨ ᠵᠢᠯᠣᠭᠤᠳᠬᠤ ᠠᠵᠢᠯ ᠳᠤ ᠣᠷᠣᠯᠴᠠᠪᠠ᠃
   ᠰᠠᠭᠤᠳᠠᠯ ᠤᠨ ᠬᠤᠷᠠᠯ ᠳᠡᠭᠡᠷ᠎ᠡ᠂ ᠯᠢ ᠶᠢᠩ ᠬᠤᠩ ᠱᠠ ᠪᠠ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠥᠳᠡᠭᠡ ᠲᠣᠰᠬᠤᠨ ᠤ ︽ᠪᠡᠯᠡ ᠮᠥᠩᠭᠦ ᠡᠬᠢ ᠪᠠᠶᠠᠯᠢᠭ︾ ᠤᠨ ᠬᠠᠮᠢᠶᠠᠷᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃
   ᠯᠢ ᠶᠢᠩ᠄ ᠬᠥᠳᠡᠭᠡ ᠲᠣᠰᠬᠤᠨ ᠤ ︽ᠭᠤᠷᠪᠠᠨ ᠪᠡᠯᠡ ᠮᠥᠩᠭᠦ︾ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠪᠣᠯ ᠬᠥᠳᠡᠭᠡ ᠲᠣᠰᠬᠤᠨ ᠤ ᠬᠥᠭᠵᠢᠯᠲᠡ ᠳᠤ ᠬᠤᠯᠪᠣᠭᠳᠠᠬᠤ ᠵᠠᠩᠭᠢᠯᠠᠭ᠎ᠠ ᠶᠢᠨ ᠡᠯᠧᠮᠧᠨ᠋ᠲ ᠪᠠᠶᠢᠵᠤ᠂ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ︔ ᠭᠤᠤᠯᠳᠠᠯᠭ᠎ᠠ ᠲᠠᠢ ᠬᠦᠷᠢᠶᠡᠨ ᠳᠤ ᠲᠤᠰᠬᠠᠶ ᠵᠦᠢᠯ ᠤᠨ ᠬᠢᠨᠠᠨ ᠪᠤᠳᠤᠯᠲᠠ ᠬᠢᠵᠦ᠂ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠠᠵᠢᠯ ᠢ ᠰᠠᠶᠢᠲᠤᠷ ᠬᠢᠵᠦ᠂ ᠲᠡᠮᠤᠷ ᠮᠡᠲᠦ ᠬᠠᠳᠠᠭᠤ ᠰᠠᠬᠢᠯᠭ᠎ᠠ ᠪᠠᠲᠤ ᠪᠤᠯᠤᠨ ᠴᠢᠩᠭ᠎ᠠ ᠰᠤᠷᠲᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠪᠠᠲᠤᠯᠠᠬᠤ ᠬᠡᠷᠡᠭᠲᠡᠢ ᠭᠡᠪᠡ᠃    ᠰᠢᠪᠠᠳᠠᠨ ᠵᠢᠯᠣᠭᠤᠳᠬᠤ ᠬᠤᠭᠤᠴᠠᠭᠠᠨ ᠳᠤ᠂ ᠯᠢ ᠶᠢᠩ ᠪᠠᠰᠠ ᠬᠤᠩ ᠱᠠ ᠪᠠ ᠪᠠᠯᠭᠠᠰᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠭᠦᠨᠵᠡᠭᠡᠶᠢᠷᠡᠵᠦ᠂ ︽ᠨᠢᠭᠡ ᠪᠠᠯᠭᠠᠰᠤ ᠵᠡᠭᠡᠯᠢ ᠨᠢᠭᠡ ᠪᠣᠳᠠᠲᠤ ᠶᠠᠪᠤᠳᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠡᠷᠦᠬᠡ ᠪᠠᠷ ᠬᠦᠷᠴᠦ ᠠᠰᠠᠭᠤᠨ ᠯᠠᠪᠯᠠᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠦᠴᠢᠷ ᠵᠣᠪᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠪᠥᠭᠡᠳ ᠨᠠᠷᠢᠯᠢᠭ ᠬᠢᠵᠦ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠠᠮᠢᠳᠤᠷᠠᠯ ᠤᠨ ᠰᠠᠭᠤᠷᠢ ᠶᠢ ᠰᠠᠶᠢᠨ ᠲᠠᠯᠪᠢᠬᠤ ᠴᠢᠬᠤᠯᠠᠳᠠᠢ ᠭᠡᠪᠡ᠃      ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3