︽ᠤᠮᠠᠷᠠᠲᠤ ᠬᠢᠯᠢ ᠶᠢᠨ ᠰᠣᠶᠣᠯ  ᠹᠧᠩᠵᠧᠨ ᠤ ᠢᠮ ᠲᠡᠮᠳᠡᠭ︾
ᠨᠡᠶᠢᠲᠡᠯᠡᠭᠰᠡᠨ ᠴᠠᠭ᠄
2025/4/14
             —— ᠤᠮᠠᠷᠠᠲᠤ ᠬᠢᠯᠢ ᠶᠢᠨ ᠹᠧᠩᠵᠧᠨ ᠤ ᠬᠡᠪ ᠨᠠᠮᠪᠠ ︵ᠨᠢᠭᠡ︶︽ᠤᠮᠠᠷᠠᠲᠤ ᠬᠢᠯᠢ ᠶᠢᠨ ᠹᠧᠩᠵᠧᠨ ᠤ ᠬᠡᠪ ᠨᠠᠮᠪᠠ︾ ᠶᠢᠨ ᠰᠢᠷᠢᠰ ᠵᠢᠷᠤᠭ ᠵᠢᠴᠢ ᠣᠬᠤᠷ ᠬᠠᠷᠠᠭᠠᠨ ᠳᠠᠪᠲᠠᠮᠵᠢ ᠶᠢᠨ ᠪᠦᠲᠦᠭᠡᠯ ᠢ ᠡᠯᠰᠡᠬᠦ ᠲᠤᠬᠠᠶ ᠲᠣᠳᠣᠷᠬᠠᠶᠢᠯᠠᠯᠲᠠ    ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠹᠧᠩᠵᠧᠨ ᠤ ᠥᠪᠡᠷᠮᠢᠴᠡ ᠣᠨᠴᠠᠯᠢᠭ ᠲᠠᠢ ᠣᠷᠣᠨ ᠨᠤᠲᠤᠭ ᠤᠨ ᠰᠣᠶᠣᠯ ᠤᠨ ᠷᠢᠳᠢ ᠰᠢᠳᠢ ᠶᠢ ᠭᠦᠢᠴᠡᠳ ᠦᠵᠡᠭᠦᠯᠬᠦ ᠶᠢᠨ ᠲᠥᠯᠥᠭᠡ᠂ ᠤᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠠᠴᠠ ︽ᠤᠮᠠᠷᠠᠲᠤ ᠬᠢᠯᠢ ᠶᠢᠨ ᠹᠧᠩᠵᠧᠨ ᠤ ᠬᠡᠪ ᠨᠠᠮᠪᠠ︾ ᠶᠢᠨ ᠰᠢᠷᠢᠰ ᠵᠢᠷᠤᠭ ᠵᠢᠴᠢ ᠣᠬᠤᠷ ᠬᠠᠷᠠᠭᠠᠨ ᠳᠠᠪᠳᠠᠮᠵᠢ ᠶᠢ ᠴᠤᠭᠯᠠᠭᠤᠯᠵᠤ᠂ᠥᠷᠭᠡᠨ ᠤᠯᠠᠨ ᠭᠡᠷᠡᠯ ᠵᠢᠷᠤᠭ ᠰᠡᠭᠦᠳᠡᠷᠯᠡᠬᠦ ᠳᠤᠷᠠᠲᠠᠢ ᠬᠥᠮᠦᠰ ᠤᠨ ᠢᠳᠡᠪᠬᠢᠲᠡᠢ ᠣᠷᠣᠯᠴᠠᠬᠤ ᠶᠢ ᠬᠠᠯᠠᠭᠤᠨ ᠢᠶᠠᠷ ᠤᠭᠲᠤᠵᠤ᠂ ᠹᠧᠩᠵᠧᠨ ᠤ ᠭᠤᠶᠢᠳᠠ ᠰᠠᠶᠢᠬᠠᠨ ᠬᠤᠷᠣᠮ ᠢ ᠰᠡᠭᠦᠳᠡᠷᠯᠡᠬᠦ ᠮᠠᠰᠢᠨ ᠢᠶᠠᠷ ᠲᠡᠮᠳᠡᠭᠯᠡᠵᠦ᠂ ᠤᠮᠠᠷᠠᠲᠤ ᠬᠢᠯᠢ ᠶᠢᠨ ᠰᠣᠶᠣᠯ ᠤᠨ ᠹᠧᠩᠵᠧᠨ ᠤ ᠬᠠᠭᠤᠳᠠᠰᠤ ᠶᠢ ᠬᠠᠮᠲᠤᠪᠠᠷ ᠪᠢᠴᠢᠭᠯᠡᠶ᠎ᠡ᠃    ᠡᠯᠰᠡᠭᠰᠡᠨ ᠭᠡᠷᠡᠯ ᠵᠢᠷᠤᠭ ᠵᠢᠴᠢ ᠸᠢᠳᠢᠣ᠋ ᠶᠢᠨ ᠪᠦᠲᠦᠭᠡᠯ ᠢ ᠹᠧᠩᠵᠧᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠰᠢᠨ᠎ᠡ ᠵᠠᠭᠤᠴᠢᠯᠠᠭᠤᠷ ᠤᠨ ᠲᠠᠪᠴᠠᠩ ᠳᠤ ᠳᠡᠯᠭᠡᠨ ᠨᠡᠪᠲᠡᠷᠡᠭᠦᠯᠬᠦ ᠶᠢᠨ ᠬᠠᠮᠲᠤ ᠵᠣᠬᠢᠶᠠᠭᠴᠢ ᠶᠢᠨ ᠨᠡᠷ᠎ᠡ ᠶᠢ ᠪᠢᠴᠢᠵᠦ ᠥᠭᠭᠦᠨ᠎ᠡ︔ ᠡᠯᠰᠡᠭᠰᠡᠨ ᠰᠢᠯᠢᠳᠡᠭ ᠭᠡᠷᠡᠯ ᠵᠢᠷᠤᠭ ᠤᠨ ᠪᠦᠲᠦᠭᠡᠯ ᠤᠨ ᠰᠢᠯᠢᠳᠡᠭ ᠢ ᠨᠢ ᠰᠣᠩᠭᠤᠨ ᠳᠡᠪᠲᠡᠷ ᠲᠤ ᠣᠷᠣᠭᠤᠯᠵᠤ᠂ ᠰᠢᠯᠢᠳᠡᠭ ᠸᠢᠳᠢᠣ᠋ ᠶᠢᠨ ᠲᠦᠷᠦᠯ ᠤᠨ ᠪᠦᠲᠦᠭᠡᠯ ᠢ ᠡᠯ᠎ᠡ ᠱᠠᠲᠤᠨ ᠤ ᠭᠤᠣᠯ ᠵᠠᠭᠤᠴᠢᠯᠠᠭᠤᠷ ᠤᠨ ᠬᠢᠨ ᠳᠤ ᠳᠡᠪᠰᠢᠭᠦᠯᠦᠨ᠎ᠡ︔ ᠬᠡᠷᠡᠯ ᠵᠢᠷᠤᠭ ᠤᠨ ᠪᠦᠲᠦᠭᠡᠯ ᠤᠨ ᠪᠢᠴᠢᠭ ᠮᠠᠲ᠋ᠧᠷᠢᠶᠠᠯ ᠤᠨ ᠶᠡᠭᠡ ᠪᠠᠭ᠎ᠠ ᠶᠢ 5MB ᠠᠴᠠ ᠳᠡᠭᠡᠭᠰᠢ ᠪᠠᠶᠢᠯᠭᠠᠵᠤ᠂ ᠸᠢᠳᠢᠣ᠋ ᠶᠢᠨ ᠲᠥᠷᠥᠯ ᠤᠨ ᠪᠦᠲᠦᠭᠡᠯ ᠤᠨ ᠴᠠᠭ ᠤᠨ ᠣᠷᠳᠣ ᠶᠢ 5 ᠮᠢᠨᠦ᠋ᠲ ᠤᠨ ᠳᠣᠲᠣᠷ᠎ᠠ ᠬᠢᠵᠠᠭᠠᠷᠯᠠᠵᠤ ︵ᠵᠢᠷᠤᠭ ᠤᠨ ᠲᠣᠳᠣᠴᠠ ᠶᠢ ᠪᠠᠲᠤᠯᠠᠵᠤ᠂ ᠸᠢᠳᠢᠣ᠋ ᠶᠢᠨ ᠲᠥᠷᠥᠯ ᠤᠨ ᠪᠦᠲᠦᠭᠡᠯ ᠢ ᠨᠢᠭᠡᠳᠦᠯᠲᠡᠶ ᠪᠠᠷ MP4 ᠬᠡᠯᠪᠡᠷᠢ ᠲᠠᠢ ᠪᠠᠶᠢᠯᠭᠠᠬᠤ ᠬᠡᠷᠡᠭᠲᠡᠶ︶᠂ ᠭᠠᠷ ᠤᠲᠠᠰᠤ ᠪᠠᠷ ᠰᠡᠭᠦᠳᠡᠷᠯᠡᠬᠦ᠂ ᠰᠡᠭᠦᠳᠡᠷᠯᠡᠬᠦ ᠮᠠᠰᠢᠨ ᠢᠶᠠᠷ ᠰᠡᠭᠦᠳᠡᠷᠯᠡᠵᠦ ᠪᠦᠷ ᠪᠣᠯᠤᠨ᠎ᠠ᠃ ᠡᠬᠡ ᠪᠢᠴᠢᠭ ᠢᠯᠡᠭᠡᠬᠦ ᠰᠢᠦᠳᠠᠨ ᠤ ᠬᠠᠶᠢᠷᠴᠠᠭ642657172@qqcom  ᠡᠬᠡ ᠪᠢᠴᠢᠭ ᠢᠯᠡᠭᠡᠬᠦ ᠪᠢᠴᠢᠭ ᠮᠠᠲ᠋ᠧᠷᠢᠶᠠᠯ ᠳᠤ ︽ᠤᠮᠠᠷᠠᠲᠤ ᠬᠢᠯᠢ ᠶᠢᠨ ᠹᠧᠩᠵᠧᠨ ᠤ ᠬᠡᠪ ᠨᠠᠮᠪᠠ︾ ᠭᠡᠰᠡᠨ ᠦᠰᠦᠭ ᠪᠢᠴᠢᠵᠦ᠂ ᠪᠦᠲᠦᠭᠡᠯ ᠤᠨ ᠨᠡᠷᠡᠶᠢᠳᠦᠯ ᠤᠨ ᠬᠡᠯᠪᠡᠷᠢ ᠮᠠᠶ᠋ᠢᠭ ᠨᠢ ︽ᠪᠦᠲᠦᠭᠡᠯ ᠤᠨ ᠨᠡᠷᠡᠶᠢᠳᠦᠯ + ᠵᠣᠬᠢᠶᠠᠭᠴᠢ ᠶᠢᠨ ᠨᠡᠷ᠎ᠡ + ᠭᠠᠷ ᠤᠲᠠᠰᠤᠨ ᠤ ᠨᠣᠮᠧᠷ︾ ᠪᠠᠶᠢᠵᠤ᠂ ᠵᠣᠬᠢᠶᠠᠭᠴᠢ ᠠᠴᠠ ᠪᠦᠲᠦᠭᠡᠯ ᠤᠨ ᠲᠣᠪᠴᠢ ᠲᠣᠳᠣᠷᠬᠠᠶᠢᠯᠠᠯᠲᠠ ᠶᠢ ᠳᠠᠭᠠᠯᠳᠤᠭᠤᠯᠵᠤ ᠪᠣᠯᠤᠨ᠎ᠠ᠂ ᠵᠢᠱᠢᠶᠡᠯᠡᠪᠡᠯ ᠰᠡᠭᠦᠳᠡᠷᠯᠡᠭᠰᠡᠨ ᠭᠠᠵᠠᠷ᠂ ᠰᠡᠭᠦᠳᠡᠷᠯᠡᠭᠰᠡᠨ ᠴᠠᠭ ᠵᠢᠴᠢ ᠪᠦᠲᠦᠭᠡᠯ ᠤᠨ ᠲᠣᠪᠴᠢ ᠲᠠᠨᠢᠯᠴᠠᠭᠤᠯᠭ᠎ᠠ ︵200 ᠦᠰᠦᠭ ᠠᠴᠠ ᠬᠡᠲᠦᠷᠡᠬᠦ ᠦᠭᠡᠶ᠂ ᠪᠦᠲᠦᠭᠡᠯ ᠤᠨ ᠭᠤᠣᠯ ᠰᠡᠳᠦᠪ᠂ ᠵᠣᠬᠢᠶᠠᠨ ᠪᠦᠲᠦᠭᠡᠬᠦ ᠰᠡᠳᠬᠢᠮᠵᠢ ᠶᠢ ᠲᠣᠳᠣᠷᠬᠠᠶᠢᠯᠠᠨ ᠥᠭᠦᠯᠡᠬᠦ ᠵᠡᠷᠭᠡ︶ ᠶᠢ ᠳᠠᠭᠠᠯᠳᠤᠭᠤᠯᠵᠤ ᠪᠣᠯᠤᠨ᠎ᠠ᠃    ᠡᠬᠡ ᠪᠢᠴᠢᠭ ᠥᠭᠭᠦᠭᠰᠡᠨ ᠪᠦᠲᠦᠭᠡᠯ ᠨᠢ ᠡᠷᠬᠡᠪᠰᠢ ᠤᠤᠯ ᠪᠦᠲᠦᠭᠡᠯ ᠪᠠᠶᠢᠬᠤ ᠬᠡᠷᠡᠭᠲᠡᠶ᠂ ᠬᠠᠭᠤᠯᠬᠤ᠂ ᠬᠤᠯᠠᠭᠠᠶᠢᠯᠠᠬᠤ ᠵᠡᠷᠭᠡ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠪᠠᠶᠢᠵᠤ ᠪᠤᠯᠬᠤ ᠦᠭᠡᠢ᠂ ᠡᠬᠡ ᠪᠢᠴᠢᠭ ᠥᠭᠭᠦᠭᠰᠡᠨ ᠬᠥᠮᠦᠨ ᠤ ᠬᠦᠷᠭᠡᠭᠰᠡᠨ ᠪᠦᠲᠦᠭᠡᠯ ᠨᠢ ᠭᠤᠷᠪᠠᠳᠠᠬᠢ ᠬᠥᠮᠦᠨ ᠤ ᠵᠣᠬᠢᠶᠠᠯ ᠪᠦᠲᠦᠭᠡᠯ ᠤᠨ ᠡᠷᠬᠡ᠂ ᠬᠦᠷᠦᠭ ᠵᠢᠷᠤᠭ ᠤᠨ ᠡᠷᠬᠡ᠂ ᠨᠡᠷ᠎ᠡ ᠲᠦᠷᠦ ᠶᠢᠨ ᠡᠷᠬᠡ᠂ ᠬᠤᠪᠢ ᠶᠢᠨ ᠨᠢᠭᠤᠴᠠ ᠶᠢᠨ ᠡᠷᠬᠡ ᠵᠡᠷᠭᠡ ᠶᠢ ᠪᠠᠭᠲᠠᠭᠠᠭᠰᠠᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠂ ᠬᠡᠷᠪᠡ ᠪᠦᠲᠦᠭᠡᠯ ᠳᠤ ᠬᠡᠪᠯᠡᠯ ᠤᠨ ᠡᠷᠬᠡ ᠶᠢᠨ ᠠᠰᠠᠭᠤᠳᠠᠯ ᠣᠷᠣᠰᠢᠵᠤ ᠪᠠᠶᠢᠪᠠᠯ᠂ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠶᠢ ᠡᠬᠡ ᠪᠢᠴᠢᠭ ᠥᠭᠭᠦᠭᠰᠡᠨ ᠬᠥᠮᠦᠨ ᠥᠪᠡᠷ ᠢᠶᠠᠨ ᠡᠭᠦᠷᠭᠡᠯᠡᠨ᠎ᠡ᠃ ᠰᠡᠭᠦᠳᠡᠷᠯᠡᠭᠰᠡᠨ ᠠᠭᠤᠯᠭ᠎ᠠ ᠨᠢ ᠹᠧᠩᠵᠧᠨ ᠬᠤᠲᠠ ᠶᠢᠨ ᠬᠠᠪᠤᠷ᠂ ᠵᠤᠨ᠂ ᠨᠠᠮᠤᠷ᠂ ᠡᠪᠦᠯ ᠳᠥᠷᠪᠡᠨ ᠤᠯᠠᠷᠢᠯ ᠤᠨ ᠣᠨᠴᠠᠯᠢᠭ ᠢᠶᠠᠷ ᠭᠤᠤᠯᠯᠠᠭᠤᠯᠤᠨ᠂ ᠲᠣᠰ ᠭᠠᠵᠠᠷ ᠣᠷᠣᠨ ᠤ ᠪᠠᠨ ᠪᠠᠶᠢᠭᠠᠯᠢ ᠶᠢᠨ ᠥᠩᠭᠡ ᠦᠵᠡᠮᠵᠢ᠂ ᠬᠥᠮᠦᠨ ᠨᠡᠶᠢᠭᠡᠮ ᠤᠨ ᠲᠡᠤᠬᠡ ᠵᠡᠷᠭᠡ ᠶᠢ ᠠᠭᠤᠳᠠᠯᠵᠤ᠂ ᠠᠭᠤᠯᠭ᠎ᠠ ᠶᠢᠨ ᠤᠳᠤᠷᠢᠳᠤᠮᠵᠢ ᠨᠢ ᠵᠥᠪ ᠣᠨᠣᠪᠴᠢᠲᠠᠶ᠂ ᠢᠳᠡᠪᠬᠢᠲᠡᠶ ᠪᠥᠭᠡᠳ ᠡᠷᠡᠭᠦᠯ ᠪᠠᠶᠢᠵᠤ᠂ ᠹᠧᠩᠵᠧᠨ ᠬᠤᠲᠠ ᠶᠢᠨ ᠰᠣᠶᠣᠯ ᠤᠨ ᠣᠨᠴᠠᠯᠢᠭ ᠢ ᠦᠨᠡᠨ ᠪᠣᠳᠠᠲᠠᠶ᠂ ᠠᠮᠢᠳᠤᠯᠢᠭ ᠢᠶᠠᠷ ᠢᠯᠡᠷᠡᠬᠦᠯᠦᠨ᠎ᠡ᠃ ᠡᠯᠰᠡᠨ ᠴᠤᠭᠯᠠᠭᠤᠯᠵᠤ ᠰᠣᠩᠭᠤᠨ ᠬᠡᠷᠡᠭᠯᠡᠭᠰᠡᠨ ᠪᠦᠲᠦᠭᠡᠯ ᠢ ᠭᠤᠣᠯᠯᠠᠨ ᠡᠷᠬᠢᠯᠡᠬᠦ ᠲᠠᠯ᠎ᠠ ᠠᠴᠠ ᠪᠠᠭᠤᠯᠭᠠᠨ ᠠᠪᠬᠤ᠂ ᠲᠠᠷᠬᠠᠭᠠᠬᠤ᠂ ᠳᠡᠯᠭᠡᠨ ᠦᠵᠡᠭᠦᠯᠬᠦ᠂ ᠺᠢᠨᠣ᠋ ᠭᠠᠷᠭᠠᠬᠤ᠂ ᠮᠡᠳᠡᠭᠡ ᠵᠠᠩᠭᠢ ᠶᠢᠨ ᠲᠣᠣᠷ ᠰᠦᠯᠵᠢᠶ᠎ᠡ ᠪᠠᠷ ᠤᠯᠠᠮᠵᠢᠯᠠᠨ ᠲᠠᠷᠬᠠᠭᠠᠬᠤ᠂ ᠵᠢᠷᠤᠭᠲᠤ ᠳᠡᠪᠲᠡᠷ ᠢ ᠨᠠᠶᠢᠷᠠᠭᠤᠯᠤᠨ ᠳᠠᠷᠤᠮᠠᠯᠯᠠᠬᠤ ᠵᠡᠷᠭᠡ ᠠᠷᠭ᠎ᠠ ᠮᠠᠶ᠋ᠢᠭ ᠢᠶᠠᠷ ᠰᠣᠩᠭᠤᠭᠳᠠᠭᠰᠠᠨ ᠪᠦᠲᠦᠭᠡᠯ ᠢ ᠬᠡᠷᠡᠭᠯᠡᠬᠦ ᠡᠷᠬᠡ ᠲᠠᠢ᠂ ᠳᠠᠷᠠᠭᠠᠴᠢ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠲᠤᠬᠠᠢ ᠶᠢᠨ ᠴᠠᠭ ᠲᠤᠨᠢ ᠲᠣᠬᠢᠷᠠᠭᠤᠯᠤᠨ ᠵᠣᠬᠢᠶᠠᠭᠴᠢ ᠳᠤ ᠮᠡᠳᠡᠭᠳᠡᠨ᠎ᠡ᠃                   ᠹᠧᠩᠵᠧᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ                    ᠹᠧᠩᠵᠧᠨ ᠬᠤᠲᠠ ᠶᠢᠨ ᠬᠠᠮ ᠵᠠᠭᠤᠴᠢᠯᠠᠭᠤᠷ ᠤᠨ ᠲᠥᠪ                         2025 ᠣᠨ ᠤ 4 ᠰᠠᠷ᠎ᠠ ᠶᠢᠨ 12 ᠤᠨ ᠡᠳᠦᠷ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3