ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠭᠡᠭᠰᠡᠨ ᠥᠬᠡᠶ ᠵᠢᠴᠢ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠭᠰᠡᠨ ᠵᠡᠷᠭᠡ ᠠᠰᠠᠭᠤᠳᠠᠯ ᠤᠨ ᠰᠦᠪᠡᠭᠴᠢ ᠶᠢ ᠢᠯᠡ ᠪᠠᠷ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/4/17
  ᠳᠡᠭᠡᠳᠦ ᠱᠠᠲᠤᠨ ᠤ ᠰᠠᠯᠠᠭ᠎ᠠ ᠮᠥᠴᠢᠷ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠬᠡᠷᠡᠭᠵᠢᠭᠦᠯᠵᠦ᠂ ᠠᠳᠠᠯ ᠠᠬᠤᠶ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠥᠷᠭᠡᠨ ᠣᠯᠠᠨ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠲᠦᠯᠦᠭᠡ᠂ ᠹᠧᠩᠵᠧᠨ ᠬᠤᠲᠠ ᠶᠢᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠪᠠᠨ ᠭᠦᠢᠴᠡᠳᠭᠡᠭᠰᠡᠨ ᠥᠬᠡᠶ᠂ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠶᠢ ᠡᠵᠡᠯᠡᠭᠰᠡᠨ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠡᠯ᠎ᠡ ᠠᠳᠠᠯ ᠠᠬᠤᠶ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠥᠮᠴᠢᠲᠡᠨ ᠠᠴᠠ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠰᠦᠪᠡᠭᠴᠢ ᠶᠢ ᠴᠤᠭᠯᠠᠭᠤᠯᠤᠶ᠎ᠠ᠂ ᠪᠣᠳᠠᠲᠠᠶ ᠠᠯᠪᠠᠨ ᠵᠠᠷ ᠨᠢ ᠳᠣᠤᠷᠠᠬᠢ ᠮᠡᠲᠦ᠄    ᠨᠢᠭᠡ᠂ ᠵᠠᠭᠠᠯᠳᠤᠬᠤ ᠢᠯᠡᠴᠢᠯᠡᠨ ᠮᠡᠳᠡᠭᠦᠯᠬᠦ ᠠᠰᠠᠭᠤᠳᠠᠯ ᠤᠨ ᠬᠦᠷᠢᠶ᠎ᠡ ᠬᠡᠪᠴᠢᠶ᠎ᠡ    ︵ᠨᠢᠭᠡ︶ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠶᠢ ᠪᠣᠳᠠᠲᠠᠶᠢᠵᠢᠭᠤᠯᠤᠭᠰᠠᠨ ᠥᠬᠡᠶ ᠠᠰᠠᠭᠤᠳᠠᠯ    1. ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠦᠢᠯᠡᠴᠢᠯᠡᠭᠡ ᠦᠯᠦ ᠬᠠᠩᠭᠠᠭᠰᠠᠨ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠭᠡᠷ᠎ᠡ ᠳᠤ ᠪᠣᠯᠵᠣᠨ ᠲᠣᠭᠲᠠᠭᠰᠠᠨ ᠠᠭᠤᠯᠭ᠎ᠠ᠂ ᠪᠠᠷᠢᠮᠵᠢᠶ᠎ᠠ ᠪᠠ ᠠᠳᠠᠯ ᠠᠬᠤᠶ ᠶᠢᠨ ᠬᠡᠷᠡᠭᠯᠡᠭᠡᠨ ᠤ ᠰᠢᠨᠵᠢ ᠴᠢᠨᠠᠷ ᠢ ᠥᠯᠥ ᠵᠢᠷᠤᠮᠯᠠᠨ᠂ ᠠᠳᠠᠯ ᠠᠬᠤᠶ ᠶᠢᠨ  ᠦᠢᠯᠡᠴᠢᠯᠡᠭᠡᠨ ᠤ ᠣᠷᠣᠨ ᠪᠦᠰᠡ ᠶᠢᠨ ᠳᠣᠲᠣᠷᠠᠬᠢ ᠦᠨᠳᠦᠰᠦᠨ ᠡᠮᠬᠢ ᠵᠢᠷᠤᠮ ᠢ ᠲᠣᠬᠢᠲᠠᠶ ᠰᠡᠯᠪᠢᠨ ᠵᠠᠰᠠᠵᠤ᠂ ᠠᠷᠠᠴᠢᠯᠠᠨ ᠬᠠᠮᠠᠭᠠᠯᠠᠵᠤ᠂ ᠠᠷᠢᠭᠤᠨ ᠴᠡᠪᠡᠷ᠂ ᠨᠣᠭᠤᠭᠠᠷᠠᠭᠤᠯᠬᠤ ᠪᠠ ᠡᠵᠡᠩᠨᠡᠨ ᠬᠠᠮᠢᠶᠠᠷᠬᠤ ᠲᠠᠯ᠎ᠠ ᠪᠠᠷ ᠬᠦᠷᠦᠯᠴᠡᠬᠦ ᠥᠬᠡᠶ ᠪᠠᠶᠢᠵᠤ᠂ ᠵᠦᠶ ᠵᠣᠬᠢᠰᠲᠠᠶ ᠠᠷᠭ᠎ᠠ ᠬᠡᠮᠵᠢᠶ᠎ᠡ ᠠᠪᠴᠤ ᠥᠮᠴᠢᠲᠡᠨ ᠤ ᠪᠡᠶ᠎ᠡ ᠮᠠᠬᠠᠪᠣᠳ᠂ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠭᠰᠠᠨ ᠥᠬᠡᠶ ᠪᠠᠶᠢᠬᠤ ᠵᠡᠷᠭᠡ ᠪᠣᠯᠤᠨ᠎ᠠ᠃    2. ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠮᠡᠳᠡᠭᠦᠯᠬᠦ ᠡᠭᠦᠷᠭᠡ ᠪᠠᠨ ᠦᠯᠦ ᠭᠦᠢᠴᠡᠳᠬᠡᠭᠰᠡᠨ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠳᠦᠷᠢᠮ︾ ᠤᠨ ᠲᠠᠪᠢᠨ ᠲᠠᠪᠤᠳᠤᠭᠠᠷ ᠵᠦᠢᠯ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠢᠯᠲᠠᠨ ᠲᠥᠷᠥᠯ ᠵᠦᠢᠯ ᠤᠨ ᠬᠠᠷᠢᠭᠤᠴᠠᠯᠭᠠᠲᠠᠨ ᠤ ᠦᠨᠳᠦᠰᠦᠨ ᠪᠠᠶᠢᠳᠠᠯ᠂ ᠬᠠᠷᠢᠯᠴᠠᠬᠤ ᠠᠷᠭ᠎ᠠ ᠮᠠᠶ᠋ᠢᠭ᠂ ᠠᠳᠠᠯ ᠠᠬᠤᠶ ᠶᠢᠨ ᠵᠠᠭᠠᠯᠳᠤᠯᠭ᠎ᠠ ᠶᠢᠨ ᠤᠲᠠᠰᠤ ᠶᠢ ᠠᠪᠤᠭᠰᠠᠨ ᠦᠭᠡᠶ᠂ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠳᠤ ᠪᠣᠯᠵᠣᠨ ᠲᠣᠭᠲᠠᠭᠰᠠᠨ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠬᠤᠷᠢᠶᠠᠬᠤ ᠠᠷᠭ᠎ᠠ ᠮᠠᠶ᠋ᠢᠭ᠂ ᠠᠳᠠᠯ ᠠᠬᠤᠶ ᠶᠢᠨ ᠦᠢᠯᠡᠴᠢᠯᠡᠭᠴᠢ ᠶᠢᠨ ᠡᠷᠬᠡ ᠪᠠ ᠡᠭᠦᠷᠭᠡ᠂ᠴᠠᠬᠢᠯᠭᠠᠨ ᠱᠠᠲᠤ᠂ ᠭᠠᠯ ᠤᠨᠲᠠᠷᠠᠭᠠᠬᠤ᠂ ᠬᠢᠨᠠᠨ ᠡᠵᠡᠮᠳᠡᠬᠦ ᠵᠡᠷᠭᠡ ᠲᠤᠰᠬᠠᠶ ᠵᠦᠢᠯ ᠤᠨ ᠲᠥᠬᠦᠭᠡᠷᠦᠮᠵᠢ ᠲᠥᠬᠦᠭᠡᠷᠦᠮᠵᠢ ᠶᠢᠨ ᠡᠳᠦᠷ ᠲᠤᠲᠤᠮ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠢᠭᠡᠴᠡ ᠶᠢᠨ ᠨᠡᠷᠡᠶᠢᠳᠦᠯ᠂ ᠬᠢᠷᠢ ᠬᠡᠮ᠂ ᠬᠠᠷᠢᠯᠴᠠᠬᠤ ᠠᠷᠭ᠎ᠠ ᠮᠠᠶ᠋ᠢᠭ ᠪᠣᠯᠤᠨ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠲᠥᠰᠦᠯ᠂ ᠥᠮᠴᠢᠲᠡᠨ ᠤ ᠠᠳᠠᠯ ᠠᠬᠤᠶ ᠶᠢᠨ ᠦᠢᠯᠡᠴᠢᠯᠡᠭᠡᠨ ᠤ ᠵᠠᠷᠤᠳᠠᠯ᠂ ᠣᠯᠠᠨ ᠨᠡᠶᠢᠲᠡ ᠶᠢᠨ ᠤᠰᠤᠨ ᠴᠠᠬᠢᠯᠭᠠᠨ ᠤ ᠬᠤᠪᠢᠶᠠᠨ ᠳᠠᠭᠠᠭᠠᠬᠤ ᠵᠠᠷᠤᠳᠠᠯ ᠢ ᠲᠤᠰᠢᠶᠠᠭᠰᠠᠨ ᠪᠠᠶᠢᠳᠠᠯ᠂ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ᠂ ᠠᠳᠠᠯ ᠠᠬᠤᠶ ᠶᠢᠨ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢᠨ ᠡᠵᠡᠩᠨᠡᠯᠲᠡ ᠠᠴᠠ ᠣᠯᠤᠭᠰᠠᠨ ᠠᠰᠢᠭ ᠣᠷᠣᠯᠭ᠎ᠠ᠂ ᠬᠡᠷ ᠪᠠᠶᠢᠰᠢᠩ ᠤᠨ ᠵᠠᠰᠠᠯ ᠴᠢᠮᠡᠭᠯᠡᠯ ᠵᠢᠴᠢ ᠬᠡᠷᠡᠭᠯᠡᠬᠦ ᠶᠠᠪᠤᠴᠠ ᠳᠠᠬᠢ ᠪᠦᠲᠦᠴᠡ ᠶᠢᠨ ᠬᠤᠪᠢᠷᠠᠯᠲᠠ ᠵᠡᠷᠭᠡ ᠠᠭᠤᠯᠭ᠎ᠠ ᠶᠢ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ ᠢᠯᠡᠷᠬᠡᠶ ᠣᠷᠣᠨ ᠪᠠᠶᠢᠷᠢ ᠳᠤ ᠢᠯᠡ ᠨᠡᠶᠢᠳᠡᠯᠡᠭᠰᠡᠨ ᠦᠭᠡᠢ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨ ᠭᠡᠷ᠎ᠡ ᠶᠢᠨ ᠪᠣᠯᠵᠣᠯ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠠᠵᠤ ᠠᠬᠤᠶᠢᠯᠠᠯ ᠪᠠ ᠬᠤᠪᠢ ᠬᠥᠮᠦᠨ ᠤ ᠵᠠᠰᠠᠯ ᠴᠢᠮᠡᠭᠯᠡᠯ ᠤᠨ ᠠᠵᠢᠯᠯᠠᠭ᠎ᠠ ᠶᠢ ᠴᠠᠭᠠᠵᠠᠯᠠᠬᠤ ᠠᠵᠢᠯᠯᠠᠭ᠎ᠠ ᠪᠠ ᠠᠩᠬᠠᠷᠬᠤ ᠵᠦᠢᠯᠡᠰ ᠵᠢᠴᠢ ᠭᠡᠷ ᠪᠠᠶᠢᠰᠢᠩ ᠤᠨ ᠠᠮᠤᠷ ᠲᠦᠪᠰᠢᠨ ᠪᠠ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ ᠶᠢ ᠬᠤᠯᠪᠣᠭᠳᠠᠯ ᠪᠦᠬᠦᠢ ᠠᠵᠤ ᠠᠬᠤᠶᠢᠯᠠᠯ ᠪᠠ ᠬᠤᠪᠢ ᠬᠥᠮᠦᠨ ᠳᠤ ᠮᠡᠳᠡᠭᠳᠡᠭᠰᠡᠨ ᠦᠭᠡᠢ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠡᠳ ᠴᠠᠭ ᠲᠤᠬᠠᠶ ᠳᠤᠨᠢ ᠢᠳᠬᠠᠨ ᠬᠤᠷᠢᠭᠯᠠᠭᠰᠠᠨ ᠥᠬᠡᠶ᠂ ᠢᠳᠬᠠᠨ ᠬᠤᠷᠢᠭᠯᠠᠭᠰᠠᠨ ᠪᠠ ᠬᠤᠷᠢᠭᠯᠠᠭᠰᠠᠨ ᠨᠢ ᠬᠦᠴᠦᠨ ᠥᠬᠡᠶ ᠪᠠᠶᠢᠪᠠᠯ᠂ ᠵᠡᠭᠡᠯᠢ ᠭᠤᠳᠤᠮᠵᠢ ᠶᠢᠨ ᠠᠯᠪᠠᠨ ᠬᠡᠷ ᠪᠤᠶᠤ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠦᠭᠰᠡᠨ ᠥᠬᠡᠶ᠃    3. ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠰᠢᠯᠵᠢᠭᠦᠯᠦᠨ ᠲᠤᠰᠢᠶᠠᠬᠤ ᠡᠭᠦᠷᠭᠡ ᠪᠠᠨ ᠦᠯᠦ ᠭᠦᠢᠴᠡᠳᠬᠡᠭᠰᠡᠨ᠃ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠳᠠᠭᠤᠰᠤᠭᠰᠠᠨ ᠪᠠᠶᠢᠪᠠᠯ᠂ ᠤᠤᠯ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠪᠣᠯᠵᠣᠨ ᠲᠣᠭᠲᠠᠭᠰᠠᠨ ᠬᠤᠭᠤᠴᠠᠭ᠎ᠠ ᠪᠤᠶᠤ ᠵᠦᠶ ᠵᠣᠬᠢᠰᠲᠠᠶ ᠬᠤᠭᠤᠴᠠᠭᠠᠨ ᠤ ᠳᠣᠲᠣᠷ᠎ᠠ ᠠᠳᠠᠯ ᠠᠬᠤᠶ ᠶᠢᠨ ᠦᠢᠯᠡᠴᠢᠯᠡᠭᠡᠨ ᠤ ᠲᠣᠭᠤᠷᠢᠭ ᠠᠴᠠ ᠤᠬᠤᠷᠢᠨ ᠭᠠᠷᠤᠭᠰᠠᠨ ᠦᠭᠡᠶ᠂ ᠠᠳᠠᠯ ᠠᠬᠤᠶ ᠶᠢᠨ ᠦᠢᠯᠡᠴᠢᠯᠡᠭᠡᠨ ᠳᠤ ᠬᠡᠷᠡᠭᠯᠡᠬᠦ ᠬᠡᠷ ᠪᠠᠶᠢᠰᠢᠩ᠂ ᠬᠠᠮᠢᠶ᠎ᠠ ᠪᠥᠬᠦᠶ ᠪᠡᠯᠡᠳᠬᠡᠮᠵᠢ᠂ ᠠᠳᠠᠯ ᠠᠬᠤᠶ ᠶᠢᠨ ᠦᠢᠯᠡᠴᠢᠯᠡᠭᠡᠨ ᠳᠤ ᠵᠠᠪᠠᠯ ᠬᠡᠷᠡᠭᠰᠡᠬᠦ ᠬᠠᠮᠢᠶ᠎ᠠ ᠪᠥᠬᠦᠶ ᠮᠠᠲ᠋ᠧᠷᠢᠶᠠᠯ ᠵᠡᠷᠭᠡ ᠶᠢ ᠥᠮᠴᠢᠲᠡᠨ ᠤ ᠵᠥᠪᠯᠡᠯ ᠳᠤ ᠪᠤᠴᠠᠭᠠᠨ ᠥᠭᠭᠦᠭᠰᠡᠨ ᠥᠬᠡᠶ᠂ ᠥᠪᠡᠷᠲᠡᠭᠡᠨ ᠬᠠᠮᠢᠶᠠᠷᠬᠤ ᠪᠠᠷ ᠲᠣᠭᠲᠠᠭᠠᠭᠰᠠᠨ ᠥᠮᠴᠢᠲᠡᠨ ᠪᠤᠶᠤ ᠲᠡᠭᠦᠨ ᠤ ᠵᠢᠭᠠᠨ ᠲᠣᠭᠲᠠᠭᠠᠭᠰᠠᠨ ᠬᠠᠮᠢᠶᠠᠷᠤᠭᠴᠢ᠂ ᠰᠢᠨ᠎ᠡ ᠠᠳᠠᠯ ᠠᠬᠤᠶ ᠶᠢᠨ  ᠦᠢᠯᠡᠴᠢᠯᠡᠭᠡᠨ ᠤ ᠠᠵᠤ ᠠᠬᠤᠶᠢᠯᠠᠯ ᠤᠨ ᠲᠤᠰᠢᠶᠠᠬᠤ ᠪᠠ ᠭᠥᠯᠢᠶᠡᠨ ᠠᠪᠬᠤ ᠠᠵᠢᠯ ᠢ ᠰᠠᠶᠢᠲᠤᠷ ᠬᠢᠬᠦ ᠳᠤ ᠬᠠᠮᠵᠢᠯᠴᠠᠭᠰᠠᠨ ᠥᠬᠡᠶ᠂ ᠠᠳᠠᠯ ᠠᠬᠤᠶ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠪᠠᠶᠢᠳᠠᠯ ᠢ ᠦᠨᠡᠨ ᠮᠥᠨ ᠢᠶᠠᠷ ᠨᠢ ᠮᠡᠳᠡᠭᠳᠡᠭᠰᠡᠨ ᠥᠬᠡᠶ ᠵᠡᠷᠭᠡ᠃    ︵ᠬᠤᠶᠠᠷ︶ ᠥᠮᠴᠢᠲᠡᠨ ᠤ ᠣᠯᠠᠨ ᠨᠡᠶᠢᠲᠡ ᠶᠢᠨ ᠠᠰᠢᠭ ᠣᠷᠣᠯᠭ᠎ᠠ ᠳᠤ ᠬᠠᠯᠳᠠᠭᠰᠠᠨ ᠠᠰᠠᠭᠤᠳᠠᠯ᠃    1. ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠰᠠᠭᠤᠷᠢ ᠲᠤᠭ᠎ᠠ ᠨᠢ ᠲᠣᠳᠣᠷᠬᠠᠶ ᠥᠬᠡᠶ᠂ ᠬᠠᠮᠢᠶᠠᠷᠤᠯᠲᠠ ᠨᠢ ᠵᠢᠷᠤᠮᠵᠢᠯ ᠥᠬᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠣᠨᠣᠪᠴᠢᠲᠠᠶ ᠪᠦᠷᠢᠳᠬᠡᠨ ᠲᠡᠮᠳᠡᠭᠯᠡᠭᠰᠡᠨ ᠥᠬᠡᠶ᠂ ᠣᠯᠤᠭᠰᠠᠨ ᠠᠰᠢᠭ ᠣᠯᠵᠠᠪᠤᠷᠢ ᠨᠢ ᠲᠤᠰᠠᠭᠠᠷ ᠲᠠᠩᠰᠠ ᠪᠠᠶᠢᠭᠤᠯᠤᠭᠰᠠᠨ ᠥᠬᠡᠶ᠂ ᠲᠤᠰᠬᠠᠶ ᠲᠠᠩᠰᠠ ᠪᠠᠶᠢᠭᠤᠯᠤᠭᠰᠠᠨ ᠠᠴᠠ ᠪᠣᠯᠵᠣ ᠲᠠᠩᠰᠠ ᠬᠠᠷ᠎ᠠ ᠶᠢ ᠡᠮᠬᠢ ᠵᠠᠮᠪᠠᠷᠠᠭ᠎ᠠ ᠥᠬᠡᠶ ᠪᠣᠯᠭᠠᠵᠤ᠂ ᠢᠯᠡ ᠪᠣᠯᠭᠠᠭᠰᠠᠨ ᠣᠯᠠᠨ ᠨᠡᠶᠢᠲᠡ ᠶᠢᠨ ᠠᠰᠢᠭ ᠣᠯᠵᠠᠪᠤᠷᠢ ᠶᠢᠨ ᠮᠡᠳᠡᠭᠡ ᠵᠠᠩᠭᠢ ᠨᠢ ᠨᠠᠷᠢᠨ ᠲᠣᠳᠣᠷᠬᠠᠶ ᠥᠬᠡᠶ᠂ ᠦᠨᠡᠨ ᠪᠣᠳᠠᠲᠠᠶ ᠪᠢᠰᠢ ᠪᠠᠶᠢᠵᠤ᠂ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠨᠢᠭᠤᠨ ᠳᠠᠯᠳᠠᠯᠠᠭᠰᠠᠨ᠂ ᠬᠤᠳᠠᠯ ᠢᠶᠠᠷ ᠮᠡᠳᠡᠭᠦᠯᠦᠭᠰᠡᠨ ᠵᠡᠷᠭᠡ ᠦᠢᠯᠡ ᠠᠵᠢᠯᠯᠠᠭ᠎ᠠ ᠲᠠᠢ᠃    2. ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠣᠷᠣᠨ ᠪᠠᠶᠢᠷᠢ ᠶᠢ ᠳᠤᠷ᠎ᠠ ᠪᠠᠷ ᠢᠶᠠᠨ ᠠᠰᠢᠭᠯᠠᠵᠤ ᠡᠵᠡᠩᠨᠡᠬᠦ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠬᠠᠮᠢᠶ᠎ᠠ ᠪᠥᠬᠦᠶ ᠥᠮᠴᠢᠲᠡᠨ᠂ ᠦᠮᠴᠢᠳᠠᠳ ᠤᠨ ᠶᠡᠭᠡ ᠬᠤᠷᠠᠯ ᠤᠨ ᠵᠥᠪᠰᠢᠶᠡᠷᠡᠯ ᠢ ᠣᠯᠤᠭᠰᠠᠨ ᠥᠬᠡᠶ ᠪᠠᠷ᠂ ᠵᠢᠵᠢᠭ ᠲᠣᠭᠤᠷᠢᠭ ᠤᠨ ᠬᠠᠮᠲᠤ ᠪᠠᠷ ᠬᠡᠷᠡᠭᠯᠡᠬᠦ ᠣᠷᠣᠨ ᠪᠠᠶᠢᠷᠢ᠂ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠶᠢ ᠳᠤᠷ᠎ᠠ ᠪᠠᠷ ᠢᠶᠠᠨ ᠠᠰᠢᠭᠯᠠᠨ ᠡᠵᠡᠩᠨᠡᠬᠦ᠂ ᠥᠮᠴᠢᠲᠡᠨ ᠤ ᠬᠠᠮᠲᠤ ᠪᠠᠷ ᠥᠮᠴᠢᠯᠡᠬᠦ ᠵᠠᠮ ᠪᠤᠶᠤ ᠪᠤᠰᠤᠳ ᠲᠠᠯᠠᠪᠤᠷ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠵᠦ ᠡᠵᠡᠩᠨᠡᠯᠲᠡ ᠶᠢᠨ ᠠᠰᠢᠭ ᠣᠯᠵᠠᠪᠤᠷᠢ ᠤᠯᠬᠤ᠂ ᠵᠢᠵᠢᠭ ᠲᠣᠭᠤᠷᠢᠭ ᠤᠨ ᠴᠠᠬᠢᠯᠭᠠᠨ ᠱᠠᠲᠤ ᠶᠢ ᠳᠤᠷ᠎ᠠ ᠪᠠᠷ ᠢᠶᠠᠨ ᠠᠰᠢᠭᠯᠠᠨ ᠡᠵᠡᠩᠨᠡᠯᠲᠡ ᠶᠢᠨ ᠴᠢᠨᠠᠷᠲᠠᠶ ᠵᠠᠷ ᠮᠡᠳᠡᠭᠡ ᠲᠠᠯᠪᠢᠬᠤ᠂ ᠠᠳᠠᠯ ᠠᠬᠤᠶ ᠶᠢᠨ ᠬᠠᠮᠢᠶᠠᠷᠤᠯᠲᠠ ᠳᠤ ᠬᠡᠷᠡᠭᠯᠡᠬᠦ ᠬᠡᠷ ᠪᠠᠶᠢᠰᠢᠩ ᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠠᠰᠢᠭᠯᠠᠵᠤ ᠡᠵᠡᠩᠨᠡᠯᠲᠡ ᠶᠢᠨ ᠠᠰᠢᠭ ᠣᠯᠵᠠᠪᠤᠷᠢ ᠤᠯᠬᠤ ᠵᠡᠷᠭᠡ ᠪᠣᠯᠤᠨ᠎ᠠ᠃    3. ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠢᠯᠡ ᠨᠡᠶᠢᠲᠡᠯᠡᠭᠰᠡᠨ ᠥᠬᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨ ᠵᠢᠵᠢᠭ ᠲᠣᠭᠤᠷᠢᠭ ᠤᠨ ᠬᠠᠮᠲᠤ ᠪᠠᠷ ᠥᠮᠴᠢᠯᠡᠬᠦ ᠣᠷᠣᠨ ᠪᠠᠶᠢᠷᠢ᠂ ᠬᠠᠮᠲᠤ ᠪᠠᠷ ᠥᠮᠴᠢᠯᠡᠬᠦ ᠪᠡᠯᠡᠳᠬᠡᠮᠵᠢ ᠲᠥᠬᠦᠭᠡᠷᠦᠮᠵᠢ ᠶᠢᠨ ᠡᠵᠡᠩᠨᠡᠯᠲᠡ ᠠᠴᠠ ᠪᠣᠶ ᠪᠣᠯᠤᠭᠰᠠᠨ ᠣᠯᠠᠨ ᠨᠡᠶᠢᠲᠡ ᠶᠢᠨ ᠠᠰᠢᠭ ᠣᠷᠣᠯᠭ᠎ᠠ ᠶᠢᠨ ᠣᠷᠣᠯᠭ᠎ᠠ ᠵᠠᠷᠤᠯᠭ᠎ᠠ ᠶᠢᠨ ᠨᠠᠷᠢᠨ ᠵᠦᠢᠯᠡᠰ ᠢ ᠠᠳᠠᠯ ᠠᠬᠤᠶ ᠶᠢᠨ ᠦᠢᠯᠡᠴᠢᠯᠡᠭᠡᠨ ᠤ ᠣᠷᠣᠨ ᠪᠦᠰᠡ ᠶᠢᠨ ᠳᠣᠲᠣᠷᠠᠬᠢ ᠢᠯᠡ ᠭᠠᠵᠠᠷ ᠲᠤ ᠴᠠᠭ ᠲᠤᠬᠠᠶ ᠳᠤᠨᠢ ᠢᠯᠡ ᠨᠡᠶᠢᠲᠡᠯᠡᠭᠰᠡᠨ ᠥᠬᠡᠶ᠃    4. ᠵᠢᠵᠢᠭ ᠲᠣᠭᠤᠷᠢᠭ ᠤᠨ ᠨᠡᠶᠢᠲᠡ ᠶᠢᠨ ᠠᠰᠢᠭ ᠣᠷᠣᠯᠭ᠎ᠠ ᠶᠢ ᠲᠣᠭᠲᠠᠭᠠᠯ ᠠᠴᠠ ᠵᠥᠷᠢᠴᠡᠨ ᠡᠵᠡᠯᠡᠭᠰᠡᠨ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨ ᠭᠡᠷ᠎ᠡ ᠳᠤ ᠪᠣᠯᠵᠣᠨ ᠲᠣᠭᠲᠠᠭᠰᠠᠨ ᠪᠤᠶᠤ ᠦᠮᠴᠢᠳᠠᠳ ᠤᠨ ᠶᠡᠭᠡ ᠬᠤᠷᠠᠯ᠂ ᠦᠮᠴᠢᠳᠠᠳ ᠤᠨ ᠵᠥᠪᠯᠡᠯ ᠤᠨ ᠰᠢᠢᠳᠪᠦᠷᠢ ᠶᠣᠰᠣᠭᠠᠷ ᠬᠠᠮᠲᠤ ᠪᠠᠷ ᠥᠮᠴᠢᠯᠡᠬᠦ ᠣᠷᠣᠨ ᠪᠠᠶᠢᠷᠢ᠂ ᠬᠠᠮᠲᠤ ᠪᠠᠷ ᠥᠮᠴᠢᠯᠡᠬᠦ ᠪᠡᠯᠡᠳᠬᠡᠮᠵᠢ ᠲᠥᠬᠦᠭᠡᠷᠦᠮᠵᠢ ᠶᠢᠨ ᠡᠵᠡᠩᠨᠡᠯᠲᠡ ᠠᠴᠠ ᠪᠣᠶ ᠪᠣᠯᠤᠭᠰᠠᠨ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠬᠤᠪᠢᠶᠠᠷᠢᠯᠠᠨ ᠬᠡᠷᠡᠭᠯᠡᠭᠰᠡᠨ ᠥᠬᠡᠶ᠂ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠵᠢᠵᠢᠭ ᠲᠣᠭᠤᠷᠢᠭ ᠤᠨ ᠪᠤᠰᠤ ᠣᠯᠠᠨ ᠨᠡᠶᠢᠲᠡ ᠶᠢᠨ ᠬᠡᠷᠡᠭ ᠶᠠᠪᠤᠳᠠᠯ ᠳᠤ ᠳᠤᠷ᠎ᠠ ᠪᠠᠷ ᠢᠶᠠᠨ ᠨᠡᠭᠦᠯᠭᠡᠨ ᠬᠡᠷᠡᠭᠯᠡᠵᠦ᠂ ᠵᠢᠵᠢᠭ ᠲᠣᠭᠤᠷᠢᠭ ᠤᠨ ᠦᠮᠴᠢᠳᠠᠳ ᠤᠨ ᠣᠯᠠᠨ ᠨᠡᠶᠢᠲᠡ ᠶᠢᠨ ᠠᠰᠢᠭ ᠣᠯᠵᠠᠪᠤᠷᠢ ᠶᠢ ᠡᠵᠡᠯᠡᠨ ᠠᠰᠢᠭᠯᠠᠭᠰᠠᠨ ᠠᠰᠠᠭᠤᠳᠠᠯ᠃    ︵ᠭᠤᠷᠪᠠ︶ ᠣᠷᠣᠨ ᠰᠠᠭᠤᠴᠠ ᠶᠢᠨ ᠬᠠᠭᠤᠴᠢᠷᠬᠠᠰᠠᠨ ᠴᠠᠬᠢᠯᠭᠠᠨ ᠱᠠᠲᠤ ᠶᠢ ᠴᠠᠭ ᠲᠤᠬᠠᠶ ᠳᠤᠨᠢ ᠰᠢᠨᠡᠳᠬᠡᠭᠰᠡᠨ ᠥᠬᠡᠶ ᠠᠰᠠᠭᠤᠳᠠᠯ᠃    1. ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠭᠰᠡᠨ ᠥᠬᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨ ᠭᠡᠷ᠎ᠡ ᠳᠤ ᠪᠣᠯᠵᠣᠨ ᠲᠣᠭᠲᠠᠭᠰᠠᠨ ᠪᠤᠶᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠠᠬᠢᠯᠭᠠᠨ ᠱᠠᠲᠤ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠬᠤ ᠪᠠ ᠪᠠᠶᠢᠴᠠᠭᠠᠨ ᠵᠠᠰᠠᠭᠰᠠᠨ ᠥᠬᠡᠶ ᠠᠴᠠ ᠪᠣᠯᠵᠣ᠂ ᠴᠠᠬᠢᠯᠭᠠᠨ ᠱᠠᠲᠤ ᠶᠢᠨ ᠰᠠᠭᠠᠳ ᠪᠠᠶᠢᠨ ᠳᠠᠬᠢᠨ ᠭᠠᠷᠴᠤ᠂ ᠲᠡᠭᠡᠭᠡᠪᠦᠷᠢ ᠶᠢᠨ ᠪᠠᠶᠢᠳᠠᠯ ᠨᠢ ᠠᠨᠠᠶ᠂ ᠠᠰᠠᠭᠤᠳᠠᠯ ᠭᠠᠷᠪᠠᠯ ᠴᠠᠭ ᠲᠤᠬᠠᠶ ᠳᠤᠨᠢ ᠰᠡᠯᠪᠢᠨ ᠵᠠᠰᠠᠭᠰᠠᠨ ᠥᠬᠡᠶ ᠠᠴᠠ ᠪᠣᠯᠵᠣ᠂ ᠥᠮᠴᠢᠲᠡᠨ ᠤ ᠬᠡᠪ ᠤᠨ ᠬᠡᠷᠡᠭᠯᠡᠯᠲᠡ ᠪᠠ ᠡᠳᠦᠷ ᠲᠤᠲᠤᠮ ᠤᠨ ᠠᠮᠢᠳᠤᠷᠠᠯ ᠤᠨ ᠠᠮᠤᠷ ᠲᠦᠪᠰᠢᠨ ᠢ ᠨᠦᠯᠦᠭᠡᠯᠡᠭᠰᠡᠨ ᠠᠰᠠᠭᠤᠳᠠᠯ᠃    2. ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠪᠠᠷ ᠴᠠᠭ ᠲᠤᠬᠠᠶ ᠳᠤᠨᠢ ᠮᠡᠳᠡᠭᠦᠯᠦᠭᠰᠡᠨ ᠥᠬᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠳ ᠥᠮᠴᠢᠲᠡᠨ ᠤ ᠬᠦᠰᠡᠯ ᠱᠠᠭᠠᠷᠳᠠᠯᠭ᠎ᠠ ᠶᠢ ᠳᠠᠭᠠᠬᠤ ᠲᠠᠯ᠎ᠠ ᠪᠠᠷ ᠬᠤᠴᠣᠷᠬᠤ ᠦᠵᠡᠭᠳᠡᠯ ᠣᠷᠣᠰᠢᠵᠤ᠂ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠲᠥᠯᠥᠪᠯᠡᠭᠡ ᠪᠠᠨ ᠴᠠᠭ ᠲᠤᠬᠠᠶ ᠳᠤᠨᠢ ᠮᠡᠳᠡᠭᠦᠯᠦᠭᠰᠡᠨ ᠥᠬᠡᠶ ᠠᠴᠠ ᠪᠣᠯᠵᠣ᠂ ᠬᠠᠭᠤᠴᠢᠨ ᠴᠠᠬᠢᠯᠭᠠᠨ ᠱᠠᠲᠤ ᠶᠢ ᠣᠷᠳᠣ ᠬᠤᠭᠤᠴᠠᠭ᠎ᠠ ᠪᠠᠷ ᠭᠡᠮ ᠲᠠᠢ ᠪᠠᠷ ᠠᠵᠢᠯᠯᠠᠭᠤᠯᠵᠤ᠂ ᠥᠮᠴᠢᠲᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠶ ᠰᠦᠷᠳᠡᠭᠦᠯᠵᠦ ᠪᠠᠶᠢᠭ᠎ᠠ ᠠᠰᠠᠭᠤᠳᠠᠯ᠃    3. ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠥᠬᠡᠶ᠃ ᠣᠷᠣᠨ ᠰᠠᠭᠤᠴᠠ ᠶᠢᠨ ᠵᠢᠵᠢᠭ ᠲᠣᠭᠤᠷᠢᠭ ᠨᠢ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠬᠦᠷᠦᠯᠴᠡᠬᠦ ᠥᠬᠡᠶ ᠪᠤᠶᠤ ᠥᠮᠴᠢᠲᠡᠨ ᠤ ᠰᠠᠨᠠᠯ ᠨᠢᠭᠡᠳᠦᠯ ᠥᠬᠡᠶ ᠵᠡᠷᠭᠡ ᠰᠢᠯᠲᠠᠭᠠᠨ ᠠᠴᠠ ᠪᠣᠯᠵᠣ᠂ ᠴᠠᠬᠢᠯᠭᠠᠨ ᠱᠠᠲᠤ ᠶᠢ ᠰᠢᠨᠡᠳᠬᠡᠨ ᠥᠭᠡᠷᠡᠴᠢᠯᠡᠬᠦ ᠪᠠᠯᠠ ᠮᠥᠩᠭᠦ ᠶᠢ ᠴᠤᠭᠯᠠᠭᠤᠯᠬᠤ ᠳᠤ ᠬᠦᠴᠢᠷᠲᠡᠶ ᠪᠣᠯᠵᠣ᠂ ᠴᠠᠬᠢᠯᠭᠠᠨ ᠱᠠᠲᠤ ᠶᠢᠨ ᠬᠠᠭᠤᠴᠢᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ ᠳᠡᠶᠢᠯᠬᠦ ᠥᠬᠡᠶ ᠠᠰᠠᠭᠤᠳᠠᠯ᠃    ︵ᠲᠥᠷᠪᠡ︶ ᠪᠠᠭ᠎ᠠ ᠲᠣᠭᠤᠷᠢᠭ ᠤᠨ ᠲᠡᠷᠭᠡ ᠵᠣᠭᠰᠣᠭᠠᠬᠤ ᠳᠤ ᠬᠦᠴᠢᠷ ᠠᠰᠠᠭᠤᠳᠠᠯ᠃    ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠲᠡᠷᠭᠡ ᠬᠥᠰᠬᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠭᠡᠭᠰᠡᠨ ᠥᠬᠡᠶ᠂ ᠲᠣᠭᠤᠷᠢᠨ ᠪᠠᠶᠢᠴᠠᠭᠠᠬᠤ ᠲᠣᠭᠲᠠᠴᠠ ᠨᠢ ᠬᠤᠭᠤᠰᠣᠨ ᠪᠠᠶᠢᠵᠤ᠂ ᠲᠣᠭᠲᠠᠭᠠᠯ ᠠᠴᠠ ᠵᠥᠷᠢᠴᠡᠨ ᠲᠡᠷᠭᠡ ᠬᠥᠰᠬᠡ ᠶᠢ ᠵᠣᠭᠰᠣᠭᠠᠭᠰᠠᠨ ᠪᠠ ᠲᠡᠷᠭᠡᠨ ᠵᠣᠭᠰᠣᠭᠠᠯ ᠢ ᠵᠠᠪᠳᠤᠨ ᠡᠵᠡᠯᠡᠭᠰᠡᠨ ᠦᠢᠯᠡ ᠠᠵᠢᠯᠯᠠᠭ᠎ᠠ ᠳᠤ ᠴᠠᠭ ᠲᠤᠬᠠᠶ ᠳᠤᠨᠢ ᠭᠠᠷ ᠲᠥᠷᠥᠭᠰᠡᠨ ᠥᠬᠡᠶ︔ ᠲᠡᠷᠭᠡ ᠬᠥᠰᠬᠡ ᠶᠢᠨ ᠳᠡᠩᠰᠡᠯᠡᠨ ᠬᠠᠮᠢᠶᠠᠷᠬᠤ ᠲᠦᠷᠢᠮ ᠡᠮᠬᠢ ᠵᠠᠮᠪᠠᠷᠠᠭ᠎ᠠ ᠥᠬᠡᠶ᠂ ᠮᠡᠳᠡᠭᠡ ᠵᠠᠩᠭᠢ ᠶᠢᠨ ᠲᠡᠮᠳᠡᠭᠯᠡᠯ ᠳᠤ ᠪᠤᠷᠤᠭᠤ ᠪᠠ ᠣᠷᠬᠢᠭᠳᠠᠯ ᠣᠷᠣᠰᠢᠵᠤ᠂ ᠴᠠᠭ ᠲᠤᠬᠠᠶ ᠳᠤᠨᠢ ᠰᠢᠨᠡᠳᠬᠡᠭᠰᠡᠨ ᠨᠢ ᠬᠦᠷᠦᠯᠴᠡᠬᠦ ᠥᠬᠡᠶ ᠠᠴᠠ ᠪᠣᠯᠵᠣ ᠲᠡᠷᠭᠡ ᠵᠣᠭᠰᠣᠬᠤ ᠵᠥᠷᠢᠴᠡᠯ ᠡᠭᠦᠰᠦᠭᠰᠡᠨ︔ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠣᠯᠠᠨ ᠨᠡᠶᠢᠲᠡ ᠶᠢᠨ ᠣᠷᠣᠨ ᠪᠦᠰᠡ ᠶᠢᠨ ᠲᠡᠷᠭᠡᠨ ᠵᠣᠭᠰᠣᠭᠠᠯ ᠢ ᠳᠤᠷ᠎ᠠ ᠪᠠᠷ ᠢᠶᠠᠨ ᠲᠦᠷᠢᠶᠡᠰᠦᠯᠡᠭᠦᠯᠵᠦ ᠬᠤᠪᠢ ᠶᠢᠨ ᠠᠰᠢᠭ ᠤᠯᠬᠤ ᠪᠠᠶᠢᠳᠠᠯ ᠣᠷᠣᠰᠢᠵᠤ ᠪᠠᠶᠢᠨ᠎ᠠ︔ ᠵᠢᠭᠤᠷᠠᠯᠳᠤᠭᠠᠨ ᠢ  ᠰᠢᠢᠳᠪᠦᠷᠢᠯᠡᠬᠦ ᠨᠢ ᠤᠳᠠᠭᠠᠰᠢᠷᠠᠵᠤ᠂ ᠥᠮᠴᠢᠲᠡᠨ ᠤ ᠵᠦᠶ ᠵᠣᠬᠢᠰᠲᠠᠶ ᠲᠡᠷᠭᠡ ᠵᠣᠭᠰᠣᠭᠠᠬᠤ ᠭᠤᠶᠤᠴᠢᠯᠠᠯ ᠢ  ᠭᠦᠢᠴᠡᠳ ᠰᠣᠨᠣᠰᠴᠤ ᠳᠡᠶᠢᠯᠦᠭᠰᠡᠨ ᠥᠬᠡᠶ ᠪᠥᠭᠡᠳ ᠢᠳᠡᠪᠬᠢᠲᠡᠶ ᠪᠠᠷ ᠬᠠᠷᠢᠭᠤ ᠳᠤᠰᠬᠠᠭᠰᠠᠨ ᠦᠭᠡᠢ᠃ ᠳᠤᠷ᠎ᠠ ᠪᠠᠷ ᠢᠶᠠᠨ ᠭᠠᠵᠠᠷ ᠤᠨ ᠪᠤᠯᠠᠭᠠᠷᠢ ᠶᠢᠨ ᠣᠨᠢᠰᠤ ᠲᠠᠯᠪᠢᠬᠤ᠂ ᠲᠡᠷᠭᠡᠨ ᠤ ᠬᠠᠯᠬᠠᠪᠴᠢ ᠴᠢᠯᠠᠭᠤᠨ ᠲᠤᠯᠭᠠᠭᠤᠷᠢ ᠶᠢ ᠲᠠᠯᠪᠢᠬᠤ ᠪᠠ ᠮᠠᠰᠢᠨᠲᠤ ᠪᠤᠰᠤ ᠲᠡᠷᠭᠡ ᠪᠣᠯᠤᠨ ᠪᠤᠰᠤᠳ ᠡᠯᠳᠡᠪ ᠶᠠᠭᠤᠮ᠎ᠠ ᠶᠢ ᠠᠰᠢᠭᠯᠠᠨ ᠮᠠᠰᠢᠨᠲᠤ ᠲᠡᠷᠭᠡᠨ ᠤ ᠲᠡᠷᠭᠡ ᠵᠣᠭᠰᠣᠬᠤ ᠪᠠᠶᠢᠷᠢ ᠶᠢ ᠵᠣᠷᠢᠭᠤᠳᠠ ᠡᠵᠡᠯᠡᠨ ᠬᠡᠷᠡᠭᠯᠡᠬᠦ ᠵᠡᠷᠭᠡ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃    ︵ᠲᠠᠪᠤ︶ ᠪᠤᠰᠤᠳ ᠠᠰᠠᠭᠤᠳᠠᠯ    ᠣᠯᠠᠨ ᠲᠦᠮᠡᠨ ᠤ ᠲᠤᠰᠬᠠᠯ ᠶᠡᠬᠡᠲᠡᠶ ᠠᠳᠠᠯ ᠠᠬᠤᠶ ᠶᠢᠨ ᠦᠢᠯᠡᠴᠢᠯᠡᠭᠡᠨ ᠤ ᠪᠤᠰᠤᠳ ᠠᠰᠠᠭᠤᠳᠠᠯ᠂ ᠵᠢᠱᠢᠶᠡᠯᠡᠪᠡᠯ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠢᠨ ᠠᠳᠠᠯ ᠠᠬᠤᠶ ᠶᠢᠨ   ᠦᠢᠯᠡᠴᠢᠯᠡᠭᠡᠨ ᠳᠤ ᠬᠡᠷᠡᠭᠯᠡᠬᠦ ᠬᠡᠷ ᠪᠠᠶᠢᠰᠢᠩ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠣᠪᠣᠷ ᠨᠢ ᠮᠠᠭᠤ᠂ ᠥᠮᠴᠢᠲᠡᠨ ᠤ ᠵᠦᠶ ᠶᠣᠰᠣᠨ ᠤ ᠭᠤᠮᠣᠳᠠᠯ ᠱᠠᠭᠠᠷᠳᠠᠯᠭ᠎ᠠ ᠶᠢ ᠣᠶᠢᠰᠢᠶᠠᠬᠤ ᠥᠬᠡᠶ ᠪᠤᠶᠤ ᠬᠠᠷᠢᠯᠴᠠᠨ ᠲᠦᠯᠬᠢᠯᠴᠡᠵᠦ᠂ ᠵᠦᠶ ᠶᠣᠰᠣᠨ ᠤ ᠰᠢᠯᠲᠠᠭᠠᠨ ᠥᠬᠡᠶ ᠪᠠᠷ ᠠᠳᠠᠯ ᠠᠬᠤᠶ ᠶᠢᠨ ᠦᠢᠯᠡᠴᠢᠯᠡᠭᠡᠨ ᠤ ᠲᠥᠷᠥᠯ ᠵᠦᠢᠯ ᠠᠴᠠ ᠤᠬᠤᠷᠢᠨ ᠭᠠᠷᠬᠤ ᠶᠢ ᠲᠡᠪᠴᠢᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠃     ᠬᠤᠶᠠᠷ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ    1. ᠢᠯᠡᠴᠢᠯᠡᠨ ᠮᠡᠳᠡᠭᠦᠯᠬᠦ ᠤᠲᠠᠰᠤ  ᠄ 0474 — 3201551᠃    2. ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ ᠵᠠᠭᠠᠯᠳᠤᠯᠭ᠎ᠠ ᠶᠢᠨ ᠮᠠᠲ᠋ᠧᠷᠢᠶᠠᠯ ᠢ 1769564648@qq.com ᠳᠤ ᠬᠦᠷᠭᠡᠨ᠎ᠡ᠃              ᠹᠧᠩᠵᠧᠨ ᠬᠤᠲᠠ ᠶᠢᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ                       2025 ᠣᠨ ᠤ 4 ᠰᠠᠷ᠎ᠠ ᠶᠢᠨ 8 ᠤ ᠡᠳᠦᠷ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3