ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠬᠡᠮ ᠢ ᠭᠡᠷᠡᠴᠢᠯᠡᠬᠦ ᠦᠶᠡᠯᠡᠯ ᠢ ᠵᠢᠷᠤᠮᠵᠢᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/4/17
ᠥᠷᠭᠡᠨ ᠣᠯᠠᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠬᠦᠷᠳᠡᠭᠴᠢᠳ ᠡ᠄    ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠬᠢᠷᠢ ᠬᠡᠮ ᠢ ᠭᠡᠷᠡᠴᠢᠯᠡᠬᠦ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠹᠧᠩᠵᠧᠨ ᠬᠤᠲᠠ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ  ᠨᠢᠭᠡᠴᠡ ᠶᠢᠨ ᠠᠵᠢᠯ ᠠᠴᠠ ᠪᠠᠨ ᠪᠠᠭᠤᠵᠤ ᠠᠮᠠᠷᠠᠭᠰᠠᠳ᠂ ᠠᠵᠤ ᠠᠬᠤᠶᠢᠯᠠᠯ ︵ᠠᠮᠢᠳᠤᠯᠢᠭ ᠢᠶᠠᠷ ᠠᠵᠢᠯ ᠣᠯᠤᠭᠰᠠᠨ ᠢ ᠪᠠᠭᠲᠠᠭᠠᠨ᠎ᠠ︶ ᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠳ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠴᠤ ᠪᠠᠶᠢᠭ᠎ᠠ ᠬᠥᠮᠦᠰ᠂ ᠠᠵᠢᠯ ᠠᠴᠠ ᠪᠣᠯᠤᠭᠰᠠᠨ ᠭᠡᠮᠲᠦᠯ ᠵᠡᠮᠳᠡᠭᠷᠡᠯ ᠤᠨ ᠨᠡᠮᠡᠭᠦᠷᠢ ᠮᠥᠩᠭᠦ ᠵᠢᠴᠢ ᠰᠤᠪᠢᠯᠠᠯᠲᠠ ᠶᠢᠨ ᠵᠠᠷᠤᠳᠠᠯ ᠢ ᠠᠪᠴᠤ ᠪᠠᠶᠢᠭ᠎ᠠ ᠬᠥᠮᠦᠰ 6 ᠰᠠᠷ᠎ᠠ ᠳᠤ ᠨᠢᠭᠡ ᠤᠳᠠᠭ᠎ᠠ ᠭᠡᠷᠡᠴᠢᠯᠡᠨ ᠮᠠᠭᠠᠳᠯᠠᠬᠤ ᠮᠥᠷᠲᠡᠭᠡᠨ ᠭᠡᠷᠡᠴᠢᠯᠡᠨ ᠮᠠᠭᠠᠳᠯᠠᠬᠤ ᠦᠶᠡᠯᠡᠯ ᠤᠨ ᠬᠤᠭᠤᠴᠠᠭ᠎ᠠ ᠶᠢ 6 ᠰᠠᠷ᠎ᠠ ᠠᠴᠠ ᠬᠡᠳᠦᠷᠡᠬᠦᠯᠬᠦ ᠥᠬᠡᠶ ︵ᠳᠠᠷᠤᠶ ᠬᠤᠶᠠᠷ ᠤᠳᠠᠭ᠎ᠠ ᠭᠡᠷᠡᠴᠢᠯᠡᠨ ᠮᠠᠭᠠᠳᠯᠠᠬᠤ ᠬᠤᠭᠤᠴᠠᠭ᠎ᠠ ᠶᠢ 6 ᠰᠠᠷ᠎ᠠ ᠠᠴᠠ ᠬᠡᠳᠦᠷᠡᠬᠦᠯᠬᠦ ᠥᠬᠡᠶ︶ ᠪᠠᠶᠢᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠡᠷ ᠪᠦᠯᠢ ᠶᠢᠨ ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠪᠠ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠷ ᠪᠦᠯᠢ ᠶᠢᠨ ᠬᠠᠷᠠᠭᠠᠯᠵᠠᠯ ᠢ ᠭᠥᠷᠳᠡᠵᠦ ᠪᠠᠶᠢᠭ᠎ᠠ18 ᠨᠠᠰᠤᠨ ᠠᠴᠠ ᠳᠡᠭᠡᠭᠰᠢᠬᠢ ᠬᠥᠮᠦᠰ ᠢ ᠰᠠᠷ᠎ᠠ ᠪᠦᠷᠢ ᠨᠢᠭᠡ ᠤᠳᠠᠭ᠎ᠠ ᠭᠡᠷᠡᠴᠢᠯᠡᠯ ᠬᠢᠯᠭᠡᠵᠦ᠂ 18 ᠨᠠᠰᠤᠨ ᠠᠴᠠ ᠳᠣᠷᠣᠭᠰᠢᠬᠢ ᠬᠥᠮᠦᠰ ᠢ 6 ᠰᠠᠷ᠎ᠠ ᠪᠦᠷᠢ ᠨᠢᠭᠡ ᠤᠳᠠᠭ᠎ᠠ ᠭᠡᠷᠡᠴᠢᠯᠡᠯ ᠬᠢᠯᠭᠡᠬᠦ ᠪᠣᠯᠭᠠᠨ ᠲᠣᠬᠢᠷᠠᠭᠤᠯᠤᠨ᠎ᠠ᠃ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠯᠲᠡ ᠶᠢ ᠦᠶᠡᠯᠡᠯ ᠤᠨ ᠬᠤᠭᠤᠴᠠᠭᠠᠨ ᠳᠤ ᠠᠯᠢ ᠲᠦᠷᠭᠡᠨ ᠢᠶᠠᠷ ᠪᠡᠶᠡᠯᠡᠭᠦᠯᠵᠦ᠂ ᠬᠠᠷᠠᠭᠠᠯᠵᠠᠯ ᠠᠪᠬᠤ ᠶᠢ ᠨᠥᠯᠥᠭᠡᠯᠡᠬᠦ ᠠᠴᠠ  ᠵᠠᠶᠢᠯᠠᠰᠬᠢᠭᠠᠷᠠᠢ᠃    ᠭᠡᠷᠡᠴᠢᠯᠡᠬᠦ ᠬᠡᠯᠪᠡᠷᠢ᠄    ︵ᠨᠢᠭᠡ︶ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ︾ ᠶᠢᠨ APP ᠪᠠᠷ ᠳᠠᠮᠵᠢᠭᠤᠯᠤᠨ ᠬᠢᠷᠢ ᠬᠡᠮ ᠤᠨ ᠭᠡᠷᠡᠴᠢᠯᠡᠯ ᠬᠢᠨ᠎ᠠ᠃    ︵ᠬᠤᠶᠠᠷ︶ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ︾ ᠤᠨ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠬᠢᠷᠢ ᠬᠡᠮ ᠤᠨ ᠭᠡᠷᠡᠴᠢᠯᠡᠯ ᠬᠢᠨ᠎ᠠ᠃    ︵ᠭᠤᠷᠪᠠ︶ ᠲᠣᠭᠠᠴᠠᠭ᠎ᠠ ᠡᠷᠳᠡᠨᠢ ᠶᠢᠨ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ︾ ᠶᠢᠨ ᠵᠢᠵᠢᠭ ᠲᠠᠰ ᠳᠠᠷᠠᠭᠠᠯᠠᠯ ᠢᠶᠠᠷ ᠳᠠᠮᠵᠢᠭᠤᠯᠤᠨ ᠬᠢᠷᠢ ᠬᠡᠮ ᠤᠨ ᠭᠡᠷᠡᠴᠢᠯᠡᠯ ᠬᠢᠨ᠎ᠠ᠃    ︵ᠳᠥᠷᠪᠡ︶ ᠲᠣᠰ ᠬᠥᠮᠦᠨ ᠤ ᠲᠤᠬᠠᠶ ᠶᠢᠨ ᠲᠠᠯᠠᠪᠤᠷ ᠤᠨ ᠭᠡᠷᠡᠴᠢᠯᠡᠯ᠄ ᠲᠣᠰ ᠬᠥᠮᠦᠨ ᠨᠢ ᠪᠡᠶ᠎ᠡ ᠶᠢᠨ ᠦᠨᠡᠮᠯᠡᠯ ᠢᠶᠠᠨ ᠠᠪᠴᠤ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶᠠᠨ ᠤ ᠲᠢᠩᠬᠢᠮ ᠳᠤ ᠬᠦᠷᠴᠦ ᠲᠤᠬᠠᠶ ᠶᠢᠨ ᠲᠠᠯᠠᠪᠤᠷ ᠲᠤ ᠨᠢᠭᠤᠷ ᠢᠶᠠᠨ ᠰᠢᠷᠪᠢᠵᠦ ᠭᠡᠷᠡᠴᠢᠯᠡᠨ᠎ᠡ᠃   ︵ᠲᠠᠪᠤ︶ ᠬᠡᠷ ᠲᠤᠨᠢ ᠬᠥᠷᠬᠦ ᠬᠢᠷᠢ ᠬᠡᠮ ᠤᠨ ᠭᠡᠷᠡᠴᠢᠯᠡᠯ᠄ ᠲᠥᠷᠥᠯ ᠰᠠᠳᠤᠨ ᠨᠢ ᠭᠡᠷᠡᠴᠢᠯᠡᠭᠦᠯᠬᠦ ᠡᠲᠡᠭᠡᠳ ᠤᠨ ᠪᠡᠶ᠎ᠡ ᠶᠢᠨ ᠦᠨᠡᠮᠯᠡᠯ ᠤᠨ ᠣᠭ ᠡᠬᠡ ᠶᠢ ᠠᠪᠴᠤ ᠬᠠᠷᠢᠶ᠎ᠠ ᠪᠥᠬᠦᠶ ᠨᠡᠶᠢᠭᠡᠮ ᠤᠨ ᠳᠠᠭᠠᠳᠬᠠᠯ ᠤᠨ ᠭᠠᠷᠲᠠᠨ  ᠭᠦᠢᠴᠡᠳᠭᠡᠬᠦ ᠪᠠᠶᠢᠭᠤᠯᠤᠮᠵᠢ ᠳᠤ ᠬᠦᠷᠴᠦ ᠭᠤᠶᠤᠴᠢᠯᠠᠯ ᠤᠨ ᠬᠦᠰᠦᠨᠦᠭᠲᠦ ᠶᠢ ᠲᠠᠭᠯᠠᠬᠤ ᠶᠢᠨ ᠬᠠᠮᠲᠤ ᠳᠡᠩᠰᠡᠯᠡᠨ ᠲᠡᠮᠳᠡᠭᠯᠡᠵᠦ᠂ ᠨᠡᠶᠢᠭᠡᠮ ᠤᠨ ᠳᠠᠭᠠᠳᠬᠠᠯ ᠤᠨ ᠲᠥᠪ ᠤᠨ ᠠᠵᠢᠯᠲᠠᠨ ᠬᠡᠷ ᠲᠤᠨᠢ ᠬᠥᠷᠬᠦ ᠬᠢᠷᠢ ᠬᠡᠮ ᠤᠨ ᠭᠡᠷᠡᠴᠢᠯᠡᠯ ᠤᠨ ᠦᠢᠯᠡᠴᠢᠯᠡᠭᠡ ᠬᠠᠩᠭᠠᠨ᠎ᠠ᠃ ︵ᠲᠠᠶᠢᠯᠪᠤᠷᠢ᠄ ᠲᠤᠰ ᠠᠷᠭ᠎ᠠ ᠶᠢ ᠵᠥᠪᠬᠡᠨ ᠣᠨᠴᠠᠭᠠᠢ ᠬᠦᠴᠢᠷᠳᠡᠯᠲᠡᠢ ᠬᠥᠮᠦᠰ ᠵᠢᠴᠢ ᠰᠦᠯᠵᠢᠶᠡᠨ ᠳᠡᠭᠡᠷ᠎ᠡ ᠭᠡᠷᠡᠴᠢᠯᠡᠬᠦ ᠶᠢ ᠥᠪᠡᠰᠦᠪᠡᠨ ᠪᠡᠶᠡᠯᠡᠭᠦᠯᠵᠦ ᠳᠡᠶᠢᠯᠬᠦ ᠦᠭᠡᠢ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠬᠦᠷᠲᠡᠭᠴᠢ ᠳᠤ ᠬᠡᠷᠡᠭᠯᠡᠨ᠎ᠡ︶    ᠹᠧᠩᠵᠧᠨ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠦᠪ                 2025 ᠣᠨ ᠤ 4 ᠰᠠᠷ᠎ᠠ ᠶᠢᠨ 14 ᠤ ᠡᠳᠦᠷ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3