| ᠪᠦᠬᠦ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ | ᠦᠨᠡᠨᠬᠦ ᠴᠢᠩᠭᠠᠳᠬᠠᠬᠤ ᠶᠢᠨ ᠲᠥᠯᠥᠭᠡ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠯ᠎ᠡ | ᠲᠥᠷᠥᠯ ᠤᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠪᠠ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠵᠦ᠂ ᠪᠥᠬᠦ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠯᠪᠣᠭᠳᠠᠯ ᠪᠥᠬᠦᠶ | ᠱᠠᠭᠠᠷᠳᠠᠯᠭ᠎ᠠ ᠶᠣᠰᠣᠭᠠᠷ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ᠂ ᠳᠤᠷ᠎ᠠ ᠪᠠᠷ ᠢᠶᠠᠨ ᠨᠡᠭᠡᠭᠡᠨ ᠬᠠᠭᠠᠯᠪᠤᠷᠢᠯᠠᠬᠤ | ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ | ᠡᠳᠦᠭᠡ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ | ︵ᠨᠢᠭᠡ︶ ᠲᠣᠭᠲᠠᠭᠠᠯ ᠠᠴᠠ ᠵᠥᠷᠢᠴᠡᠨ ᠬᠠᠤᠯᠢ ᠠᠴᠠ ᠵᠦᠷᠢᠴᠡᠵᠦ ᠣᠶᠢᠲᠤ ᠭᠠᠵᠠᠷ ᠡᠪᠡᠰᠦᠲᠦ ᠭᠠᠵᠠᠷ ᠢ | ᠬᠠᠭᠠᠯᠪᠤᠷᠢᠯᠠᠭᠰᠠᠨ ᠪᠣᠯᠪᠠᠴᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠶᠣᠰᠣᠭᠠᠷ ᠤᠷᠭᠤᠮᠠᠯ ᠤᠨ | ᠬᠤᠴᠢᠯᠭ᠎ᠠ ᠪᠠ ᠣᠶ ᠰᠢᠭᠤᠶ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠴᠠᠭ ᠲᠤᠬᠠᠶ ᠳᠤᠨᠢ | ᠰᠡᠷᠭᠦᠭᠡᠭᠰᠡᠨ ᠥᠬᠡᠶ᠃ | ︵ᠬᠤᠶᠠᠷ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠡᠯ᠎ᠡ ᠲᠥᠷᠥᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠣᠶᠢᠲᠤ | ᠭᠠᠵᠠᠷ ᠨᠤᠲᠤᠭ ᠪᠡᠯᠴᠢᠭᠡᠷ ᠢ ᠬᠠᠤᠯᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ᠂ ᠴᠥᠭᠡᠨ ᠪᠦᠯᠦᠭ ᠣᠯᠠᠨ | ᠡᠵᠡᠯᠡᠨ ᠬᠡᠷᠡᠭᠯᠡᠭᠰᠡᠨ᠂ ᠵᠥᠪᠰᠢᠶᠡᠷᠡᠭᠰᠡᠨ ᠬᠦᠷᠢᠶ᠎ᠡ ᠬᠡᠪᠴᠢᠶ᠎ᠡ ᠠᠴᠠ ᠭᠠᠳᠠᠭᠤᠷ ᠣᠶᠢᠲᠤ ᠭᠠᠵᠠᠷ ᠨᠤᠲᠤᠭ | ᠪᠡᠯᠴᠢᠭᠡᠷ ᠢ ᠡᠵᠡᠯᠡᠨ ᠬᠡᠷᠡᠭᠯᠡᠭᠰᠡᠨ᠃ | ︵ᠭᠤᠷᠪᠠ︶ ᠲᠦᠷ ᠴᠠᠭ ᠡᠵᠡᠯᠡᠨ ᠬᠡᠷᠡᠭᠯᠡᠬᠦ ᠨᠡᠷ᠎ᠡ ᠪᠠᠷ ᠣᠶᠢᠲᠤ ᠭᠠᠵᠠᠷ ᠨᠤᠲᠤᠭ ᠪᠡᠯᠴᠢᠭᠡᠷ ᠢ ᠬᠡᠷᠡᠭᠯᠡᠬᠦ | ᠭᠠᠷᠳᠠᠮ ᠢ ᠭᠦᠢᠴᠡᠳᠭᠡᠬᠦ ᠳᠤ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠪᠤᠴᠠᠭᠠᠬᠤ ᠥᠬᠡᠶ᠃ | ︵ᠲᠦᠷᠪᠡ︶ ᠣᠭᠲᠣᠯᠬᠤ ᠭᠠᠷ ᠭᠦᠢᠴᠡᠳᠬᠡᠯ ᠬᠢᠭᠰᠡᠨ ᠦᠭᠡᠢ ᠪᠠᠷ ᠰᠢᠭᠤᠶᠢᠲᠤ ᠭᠠᠵᠠᠷ ᠳᠡᠭᠡᠷᠡᠬᠢ ᠤᠢ | ᠮᠣᠳᠣ ᠶᠢ ᠳᠤᠷ᠎ᠠ ᠪᠠᠷ ᠢᠶᠠᠨ ᠬᠤᠯᠠᠭᠠᠶᠢᠯᠠᠨ ᠣᠭᠲᠣᠯᠤᠭᠰᠠᠨ᠂ ᠰᠦᠢᠳᠬᠡᠭᠰᠡᠨ᠂ ᠣᠭᠲᠣᠯᠤᠭᠰᠠᠨ ᠭᠠᠵᠠᠷ ᠢᠶᠠᠨ ᠴᠠᠭ | ᠲᠤᠬᠠᠶ ᠳᠤᠨᠢ ᠰᠢᠨᠡᠳᠬᠡᠭᠰᠡᠨ ᠦᠭᠡᠢ ᠵᠡᠷᠭᠡ ᠦᠢᠯᠡ ᠠᠵᠢᠯᠯᠠᠭ᠎ᠠ ᠶᠢ ᠬᠢᠭᠰᠡᠨ᠃ | ︵ᠲᠠᠪᠤ︶ ᠣᠶᠢᠲᠤ ᠭᠠᠵᠠᠷ ᠨᠤᠲᠤᠭ ᠪᠡᠯᠴᠢᠭᠡᠷ ᠲᠤ ᠠᠶᠤᠯᠲᠠᠶ ᠪᠣᠳᠠᠰ ᠭᠠᠳᠠᠭᠰᠢᠯᠠᠭᠤᠯᠬᠤ᠂ ᠬᠤᠭ ᠨᠣᠪᠰᠢ | ᠬᠠᠶᠠᠬᠤ᠂ ᠣᠶᠢᠲᠤ ᠭᠠᠵᠠᠷ ᠨᠤᠲᠤᠭ ᠪᠡᠯᠴᠢᠭᠡᠷ ᠢ ᠪᠣᠬᠢᠷᠲᠤᠭᠤᠯᠬᠤ ᠵᠡᠷᠭᠡ ᠦᠢᠯᠡ ᠠᠵᠢᠯᠯᠠᠭ᠎ᠠ᠃ | ᠬᠤᠶᠠᠷ᠂ ᠢᠯᠡᠴᠢᠯᠡᠨ ᠮᠡᠳᠡᠭᠦᠯᠬᠦ ᠠᠷᠭ᠎ᠠ ᠵᠠᠮ | ︵ᠨᠢᠭᠡ︶ ᠢᠯᠡᠴᠢᠯᠡᠨ ᠮᠡᠳᠡᠭᠦᠯᠬᠦ ᠤᠲᠠᠰᠤ᠄ 0474 — 3212506 ︵ᠠᠵᠢᠯ ᠤᠨ ᠡᠳᠦᠷ | ᠢᠯᠡᠴᠢᠯᠡᠨ ᠮᠡᠳᠡᠭᠦᠯᠦᠨ᠎ᠡ᠂ 2025 ᠣᠨ ᠤ 12 ᠰᠠᠷ᠎ᠠ ᠶᠢᠨ 31 ᠤ ᠡᠳᠦᠷ ᠳᠠᠭᠤᠰᠤᠨ᠎ᠠ︶᠃ | ︵ᠬᠤᠶᠠᠷ︶ ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ fzslyj3212821@163.com᠃ | ︵ᠭᠤᠷᠪᠠ︶ ᠢᠯᠡᠴᠢᠯᠡᠨ ᠮᠡᠳᠡᠭᠦᠯᠬᠦ ᠵᠦᠢᠯ ︵ᠵᠠᠬᠢᠳᠠᠯ︶ ᠢ ᠬᠦᠯᠢᠶᠡᠨ ᠠᠪᠬᠤ ᠬᠠᠶ᠋ᠢᠭ᠄ | ᠹᠧᠩᠵᠧᠨ ᠬᠤᠲᠠ ᠶᠢᠨ ᠰᠢᠨ᠎ᠡ ᠬᠤᠲᠠ ᠲᠣᠭᠤᠷᠢᠭ ᠤᠨ ᠶᠢᠩ ᠪᠢᠨ ᠶᠡᠭᠡ ᠵᠡᠭᠡᠯᠢ ᠶᠢᠨ ᠡᠸᠦ ᠵᠸᠦ ᠴᠧᠩ ᠤᠨ | ᠡᠮᠦᠨᠡᠬᠢ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ ᠪᠤᠶᠤ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ᠃ ᠥᠷᠭᠡᠨ ᠣᠯᠠᠨ ᠠᠷᠠᠳ ᠲᠦᠮᠡᠨ ᠤ ᠬᠢᠨᠠᠯᠲᠠ | ᠲᠠᠯᠪᠢᠬᠤ ᠶᠢ ᠤᠭᠲᠤᠵᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢᠨ ᠬᠠᠮᠲᠤ᠂ ᠠᠰᠠᠭᠤᠳᠠᠯ ᠢ ᠦᠨᠡᠨ | ᠮᠥᠨ ᠢᠶᠠᠷ ᠨᠢ ᠲᠤᠰᠬᠠᠵᠤ᠂ ᠬᠠᠮᠢᠶ᠎ᠠ ᠪᠥᠬᠦᠶ ᠠᠰᠠᠭᠤᠳᠠᠯ ᠤᠨ ᠪᠣᠳᠠᠲᠠᠶ ᠦᠢᠯᠡ ᠪᠠᠶᠢᠳᠠᠯ ᠪᠠ ᠭᠡᠷᠡᠴᠢ ᠪᠠᠷᠢᠮᠲᠠ ᠶᠢ | ᠠᠯᠢ ᠴᠢᠳᠠᠬᠤ ᠪᠠᠷ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ᠂ ᠵᠢᠱᠢᠶᠡᠯᠡᠪᠡᠯ ᠡᠭᠦᠰᠦᠭᠰᠡᠨ ᠴᠠᠭ᠂ ᠭᠠᠵᠠᠷ᠂ | ᠬᠤᠯᠪᠣᠭᠳᠠᠭᠰᠠᠨ ᠨᠢᠭᠡᠴᠡ ᠶᠢᠨ ᠬᠤᠪᠢ ᠬᠥᠮᠦᠨ᠂ ᠪᠠᠶᠢᠳᠠᠯ ᠢ ᠮᠡᠳᠡᠬᠦ ᠬᠥᠮᠦᠨ ᠵᠢᠴᠢ ᠪᠣᠳᠠᠰ ᠤᠨ ᠭᠡᠷᠡᠴᠢ ᠵᠡᠷᠭᠡ᠃ | ᠢᠯᠡᠴᠢᠯᠡᠨ ᠮᠡᠳᠡᠭᠦᠯᠦᠭᠴᠢ ᠲᠤᠰᠬᠠᠭᠰᠠᠨ ᠠᠰᠠᠭᠤᠳᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠬᠤ | ᠬᠡᠷᠡᠭᠲᠡᠶ᠂ ᠪᠣᠳᠠᠲᠤ ᠶᠠᠪᠤᠳᠠᠯ ᠢ ᠶᠡᠬᠡᠰᠬᠡᠬᠦ ᠪᠤᠶᠤ ᠭᠠᠵᠢᠭᠤᠳᠠᠭᠤᠯᠵᠤ ᠪᠣᠯᠬᠤ ᠦᠭᠡᠢ᠂ ᠬᠤᠳᠠᠯ ᠮᠠᠲ᠋ᠧᠷᠢᠶᠠᠯ | ᠵᠣᠬᠢᠶᠠᠵᠤ ᠪᠤᠰᠤᠳ ᠢ ᠭᠦᠳᠬᠡᠨ ᠵᠠᠭᠠᠯᠳᠤᠵᠤ ᠪᠣᠯᠬᠤ ᠦᠭᠡᠢ᠃ ᠢᠯᠡᠴᠢᠯᠡᠨ ᠮᠡᠳᠡᠭᠦᠯᠦᠭᠰᠡᠨ ᠢᠶᠠᠷ ᠰᠢᠯᠲᠠᠭ | ᠪᠣᠯᠭᠠᠵᠤ ᠵᠣᠷᠢᠭᠤᠳᠠ ᠬᠡᠷᠡᠭ ᠤᠴᠢᠷ ᠵᠣᠬᠢᠶᠠᠨ ᠪᠤᠰᠤᠳ ᠢ ᠭᠦᠳᠬᠡᠨ ᠭᠦᠵᠢᠷᠯᠡᠭᠰᠡᠨ ᠪᠠᠶᠢᠪᠠᠯ᠂ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠹᠧᠩᠵᠧᠨ ᠬᠤᠲᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | 2025 ᠣᠨ ᠤ 4 ᠰᠠᠷ᠎ᠠ ᠶᠢᠨ 11 ᠤ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |