| 4 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ | ᠬᠤᠳᠠ ᠶᠢᠨ ᠳᠠᠷᠤᠭ᠎ᠠ ᠯᠢ ᠱᠦ ᠸᠧᠢ ᠠᠶᠤᠯᠭᠦᠢ ᠦᠢᠯᠡᠳᠪᠦᠷᠢᠯᠡᠯ ᠵᠢᠴᠢ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ | ᠵᠢᠯᠣᠭᠤᠳᠪᠠ᠃ ᠬᠤᠳᠠ ᠶᠢᠨ ᠤᠳᠤᠷᠢᠳᠤᠯᠭ᠎ᠠ ᠸᠧᠢ ᠭᠦᠸᠧ ᠴᠦᠨ᠂ ᠸᠠᠩ ᠵᠢᠶᠠᠨ᠂ ᠶᠠᠩ ᠱᠦ ᠹᠧᠩ᠂ ᠵᠧᠦ | ᠵᠢᠶᠠᠨ ᠫᠢᠩ ᠨᠡᠷ ᠣᠷᠣᠯᠴᠠᠪᠠ᠃ | | ᠯᠢ ᠱᠦ ᠸᠧᠶ ᠨᠡᠷ ᠤᠷᠢᠳ ᠬᠤᠵᠢᠳ ᠵᠢᠩ ᠯᠦᠩ ᠴᠠᠬᠢᠯᠭᠠᠨ ᠭᠠᠷᠭᠠᠬᠤ ᠦᠢᠯᠡᠳᠪᠦᠷᠢ᠂ ᠱᠧᠩ ᠬᠤᠸᠠ | ᠺᠣᠮᠫᠠᠨᠢ᠂ ᠺᠧ ᠳ᠋ᠧ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠵᠢᠩ ᠮᠧᠩ ᠪᠠᠭ᠎ᠠ ᠰᠤᠷᠭᠠᠭᠤᠯᠢ᠂ | ᠾᠧᠢ ᠲᠤ ᠲᠠᠢ ᠪᠠᠯᠭᠠᠰᠤᠨ ᠤ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠠᠵᠠᠷ ᠲᠤ ᠬᠦᠷᠴᠦ᠂ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠶᠢ ᠰᠣᠨᠣᠰᠬᠤ ᠠᠷᠭ᠎ᠠ ᠮᠠᠶ᠋ᠢᠭ ᠢ | ᠠᠪᠴᠤ᠂ ᠡᠯ᠎ᠡ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ | ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ | ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠲᠤᠬᠠᠶ ᠶᠢᠨ | ᠭᠠᠵᠠᠷ ᠲᠤᠨᠢ ᠠᠵᠢᠯᠯᠠᠬᠤ ᠶᠢᠨ ᠬᠠᠮᠲᠤ ᠪᠣᠳᠠᠲᠠᠶ ᠱᠠᠭᠠᠷᠳᠠᠯᠭ᠎ᠠ ᠳᠤᠷᠠᠳᠪᠠ᠃ | | ᠯᠢ ᠱᠦ ᠸᠧᠢ᠄ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠦᠨᠳᠦ ᠪᠠᠶᠢᠵᠤ᠂ ᠠᠷᠠᠳ ᠲᠦᠮᠡᠨ ᠤ | ᠪᠤᠶᠠᠨ ᠵᠢᠷᠭᠠᠯ ᠪᠣᠯᠤᠨ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠠᠵᠤ ᠠᠬᠤᠶᠢᠯᠠᠯ | ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ | ᠪᠣᠶ ᠪᠣᠯᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠨ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠬᠢᠭᠡᠳ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠠᠮᠤᠷ | ᠲᠦᠪᠰᠢᠨ ᠤ ᠠᠳᠡᠯ ᠢ ᠰᠡᠷᠭᠡᠶᠢᠯᠡᠬᠦ ᠬᠡᠷᠡᠭᠲᠡᠶ︔ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠵᠢᠴᠢ ᠭᠠᠯ | ᠤᠨᠲᠠᠷᠠᠭᠠᠬᠤ ᠪᠡᠯᠡᠳᠬᠡᠮᠵᠢ ᠶᠢᠨ ᠬᠡᠷᠡᠭᠯᠡᠯᠲᠡ ᠶᠢᠨ ᠠᠮᠤᠷ ᠲᠦᠪᠰᠢᠨ ᠵᠡᠷᠭᠡ ᠠᠵᠢᠯ ᠢ ᠰᠠᠶᠢᠲᠤᠷ ᠬᠢᠵᠦ᠂ ᠬᠤᠭᠤᠯᠠ | ᠤᠮᠳᠠ ᠶᠢᠨ ᠵᠠᠷᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠠᠮᠢᠶᠠᠷᠤᠯᠲᠠ ᠶᠢᠨ ᠴᠢᠨᠠᠷ ᠴᠢᠨᠰᠠᠭ᠎ᠠ ᠦᠷ᠎ᠡ | ᠠᠰᠢᠭ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠮᠢᠶ᠎ᠠ | ᠪᠥᠬᠦᠶ ᠰᠠᠯᠠᠭ᠎ᠠ ᠮᠥᠴᠢᠷ ᠪᠣᠯᠤᠨ ᠨᠠᠰᠤᠵᠢᠯ ᠤᠨ ᠪᠠᠶᠢᠭᠤᠯᠤᠮᠵᠢ ᠨᠤᠭᠤᠳ ᠨᠠᠰᠤᠲᠠᠶᠢᠴᠤᠳ ᠤᠨ ᠠᠮᠢᠳᠤᠷᠠᠯ ᠤᠨ | ᠠᠮᠤᠷ ᠲᠦᠪᠰᠢᠨ ᠬᠢᠭᠡᠳ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠴᠢᠬᠤᠯᠠᠴᠢᠯᠠᠨ᠂ ᠭᠠᠯ ᠤᠨᠲᠠᠷᠠᠭᠠᠬᠤ | ᠠᠮᠤᠷ ᠲᠦᠪᠰᠢᠨ ᠤ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠨ᠂ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ | ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ | ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠬᠦᠷᠢᠶ᠎ᠡ᠂ ᠭᠤᠣᠯᠳᠠᠯᠭ᠎ᠠ ᠲᠠᠢ ᠣᠷᠣᠨ ᠪᠠᠶᠢᠷᠢ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠠᠰᠢᠭ ᠲᠤᠰᠠ ᠶᠢ | ᠬᠤᠬᠢᠷᠠᠭᠤᠯᠤᠭᠰᠠᠨ ᠠᠵᠢᠯᠯᠠᠭ᠎ᠠ ᠶᠢ ᠬᠦᠴᠦᠯᠡᠨ ᠪᠠᠶᠢᠴᠠᠭᠠᠨ ᠰᠢᠢᠳᠪᠦᠷᠢᠯᠡᠵᠦ᠂ ᠠᠮᠤᠷ ᠲᠦᠪᠰᠢᠨ᠂ ᠲᠣᠭᠲᠠᠭᠤᠨ᠂ | ᠰᠤᠷᠲᠠᠯ ᠴᠢᠬᠡᠴᠢ ᠣᠪᠣᠷ ᠲᠥᠪ ᠬᠥᠭᠵᠢᠯᠲᠡ ᠶᠢᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠬᠤ ᠬᠡᠷᠡᠭᠲᠡᠢ | ᠭᠡᠪᠡ᠃ | | | ᠵᠣᠬᠢᠶᠠᠭᠴᠢ᠄ ᠪᠠᠶ ᠯᠢ ᠨᠠ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |