ᠮᠠᠨ ᠤ ᠬᠤᠲᠠ ᠶᠢᠨ ᠬᠢᠨ 2025 ᠣᠨ ᠤ ᠵᠠᠰᠠᠭ ᠤᠨ ᠣᠷᠳᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/17
   4 ᠰᠠᠷ᠎ᠠ ᠶᠢᠨ 14 ᠤ ᠡᠳᠦᠷ᠂ ᠮᠠᠨ ᠤ ᠬᠤᠲᠠ ᠶᠢᠨ ᠬᠢᠨ 2025 ᠣᠨ ᠤ ᠵᠠᠰᠠᠭ ᠤᠨ ᠣᠷᠳᠣᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ ᠯᠢ ᠱᠦ ᠸᠧᠢ ᠬᠤᠷᠠᠯ ᠳᠤ ᠣᠷᠣᠯᠴᠠᠬᠤ ᠶᠢᠨ ᠬᠠᠮᠲᠤ ᠠᠵᠢᠯ ᠤᠨ ᠪᠠᠶᠢᠷᠢᠯᠠᠭᠤᠯᠤᠯᠲᠠ ᠬᠢᠵᠦ᠂ ᠬᠤᠳᠠ ᠶᠢᠨ ᠤᠳᠤᠷᠢᠳᠤᠯᠭ᠎ᠠ ᠸᠧᠢ ᠭᠦᠸᠧ ᠴᠦᠨ᠂ ᠱᠢ ᠬᠦᠢ ᠵᠢᠶᠦ᠋ᠨ᠂ ᠫᠠᠩ ᠴᠤᠤ᠂ ᠵᠠᠩ ᠶᠦᠩ ᠵᠢᠶᠦ᠋ᠨ᠂ ᠸᠠᠩ ᠸᠧᠢ᠂ ᠸᠠᠩ ᠵᠢᠶᠠᠨ᠂ ᠹᠦ᠋ ᠵᠢᠶᠠᠩ ᠲᠢᠩ᠂ ᠶᠠᠩ ᠱᠦ ᠹᠧᠩ ᠨᠠᠷ ᠬᠤᠷᠠᠯ ᠳᠤ ᠣᠷᠣᠯᠴᠠᠪᠠ᠃
  ᠬᠤᠷᠠᠯ ᠳᠡᠭᠡᠷ᠎ᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠬᠤᠲᠠ ᠶᠢᠨ ᠠᠷᠠᠳ ᠤᠨ ᠤᠯᠤᠰ ᠲᠥᠷᠥ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 4 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠠᠵᠢᠯ ᠤᠨ ᠬᠦᠷᠢᠶ᠎ᠡ ᠬᠡᠪᠴᠢᠶᠡᠨ ᠤ ᠪᠠᠨ ᠲᠣᠭᠤᠷᠢᠨ ᠳᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠲᠤᠰ ᠲᠤᠰ ᠰᠠᠨᠠᠯ ᠢᠶᠠᠨ ᠰᠣᠯᠢᠯᠴᠠᠬᠤ ᠶᠠᠷᠢᠶ᠎ᠠ  ᠲᠠᠯᠪᠢᠵᠠᠭᠠᠪᠠ᠃
   ᠯᠢ ᠱᠦ ᠸᠧᠢ ᠠᠵᠢᠯ ᠢᠶᠠᠨ ᠪᠠᠶᠢᠷᠢᠯᠠᠭᠤᠯᠬᠤ ᠳᠠᠭᠠᠨ᠄ ᠪᠠᠷᠢᠮᠵᠢᠶ᠎ᠠ ᠳᠤ ᠴᠢᠭᠯᠡᠭᠦᠯᠦᠨ ᠤᠯᠤᠰ ᠲᠦᠷᠦ ᠶᠢ ᠡᠷᠬᠢᠮᠯᠡᠵᠦ᠂ ᠰᠠᠬᠢᠯᠭ᠎ᠠ ᠪᠠᠲᠤ ᠶᠢ ᠴᠢᠩᠳᠠᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠶᠣᠰᠣ ᠲᠦᠷᠢᠮ ᠢ ᠡᠷᠬᠢᠮᠯᠡᠵᠦ᠂ ᠤᠯᠤᠰ ᠲᠦᠷᠦ ᠶᠢᠨ ᠲᠠᠯ᠎ᠠ ᠶᠢᠨ ᠮᠡᠷᠭᠡᠨ ᠬᠥᠮᠦᠨ ᠪᠣᠯᠬᠤ ᠬᠡᠷᠡᠭᠲᠡᠢ︔ ᠲᠦᠷᠭᠡᠨ ᠢ ᠲᠡᠷᠢᠭᠦᠨ ᠳᠤ ᠲᠠᠯᠪᠢᠬᠤ ᠪᠠ ᠰᠢᠨ᠎ᠡ ᠶᠢ ᠡᠭᠦᠳᠬᠦ ᠰᠡᠳᠬᠢᠬᠦᠢ ᠪᠤᠯᠤᠨ ᠬᠠᠷᠢᠭᠤᠴᠠᠯᠭ᠎ᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠢᠯ ᠤᠨ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ︔ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠲᠦᠷᠢᠮ ᠢ ᠬᠢᠨᠠᠮᠠᠭᠠᠶ ᠬᠡᠷᠡᠭᠵᠢᠭᠦᠯᠵᠦ᠂ ᠡᠯ᠎ᠡ ᠡᠲᠡᠭᠡᠳ ᠤᠨ ᠬᠢᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠡᠷᠡᠭ ᠭᠠᠷᠬᠤ ᠠᠴᠠ ᠨᠢ ᠡᠮᠦᠨ᠎ᠡ ᠰᠡᠷᠭᠡᠶᠢᠯᠡᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠠᠯ᠎ᠠ ᠶᠢᠨ ᠠᠷᠢᠭᠤᠨ ᠴᠡᠪᠡᠷ ᠬᠥᠮᠦᠨ ᠪᠣᠯᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ 4 ᠴᠡᠭᠴᠡᠯᠡᠨ ᠵᠠᠰᠠᠬᠤ ᠲᠥᠷᠥᠯ ᠵᠦᠢᠯ᠂ ᠪᠦᠬᠦ ᠤᠯᠤᠰ ᠤᠨ ᠴᠢᠨᠠᠷᠲᠠᠶ 7 ᠲᠤᠰᠬᠠᠶ ᠴᠡᠭᠴᠡᠯᠡᠨ ᠵᠠᠰᠠᠬᠤ ᠲᠥᠷᠥᠯ ᠵᠦᠢᠯ ᠪᠠ 16 ᠣᠯᠠᠨ ᠲᠦᠮᠡᠨ ᠤ ᠳᠡᠷᠭᠡᠳᠡᠬᠢ ᠪᠣᠳᠠᠲᠠᠶ ᠶᠠᠪᠤᠳᠠᠯ ᠢ ᠴᠡᠭᠴᠡᠯᠡᠨ ᠵᠠᠰᠠᠬᠤ ᠠᠵᠢᠯ ᠤᠨ ᠲᠤᠬᠠᠶ᠂ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ︾ ᠢ ᠥᠷᠨᠢᠭᠦᠯᠬᠦ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠳᠡᠭᠡᠳᠦ ᠬᠡᠮᠵᠢᠶᠡᠨ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠨᠢᠭᠲᠠ ᠬᠠᠮᠵᠢᠯᠴᠠᠭᠰᠠᠨ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ︽ᠬᠤᠤᠰ ᠲᠤᠰᠬᠠᠶ ᠠᠩᠭᠢ︾ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠯᠳᠦᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠪᠡ᠃      ᠵᠣᠬᠢᠶᠠᠭᠴᠢ᠄ ᠪᠠᠶ ᠯᠢ ᠨᠠ  ᠰᠢᠩ ᠶᠦᠩ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3