ᠹᠧᠩᠵᠧᠨ ᠬᠤᠲᠠ᠄ ᠲᠤᠯᠠᠭᠠᠴᠠᠯᠭ᠎ᠠ ᠶᠢᠨ ᠦᠢᠯᠡᠴᠢᠯᠡᠭᠡ ᠶᠢ ᠤᠷᠲᠤᠳᠬᠠᠵᠤ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠭᠦᠢᠴᠡᠳ ᠬᠠᠷᠠᠭᠤᠯᠤᠨ᠎ᠠ
ᠨᠡᠶᠢᠲᠡᠯᠡᠭᠰᠡᠨ ᠴᠠᠭ᠄
2025/4/17
   4 ᠰᠠᠷ᠎ᠠ ᠶᠢᠨ 14 ᠤ ᠡᠳᠦᠷ᠂ ᠰᠤᠷᠪᠤᠯᠵᠢᠯᠠᠭᠴᠢ ᠹᠧᠩᠵᠧᠨ ᠬᠤᠲᠠ ᠶᠢᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠬᠢᠨ ᠣᠶᠢᠷ᠎ᠠ ᠶᠢᠨ ᠬᠤᠭᠤᠴᠠᠭᠠᠨ ᠤ ᠠᠭᠠᠷ ᠤᠨ ᠳᠤᠯᠠᠭᠠᠨ ᠤ ᠬᠡᠯᠪᠡᠯᠵᠡᠯ ᠢ ᠪᠣᠳᠣᠯᠬᠢᠯᠠᠭᠠᠳ᠂ 4 ᠰᠠᠷ᠎ᠠ ᠶᠢᠨ 15 ᠤ ᠡᠳᠦᠷ ᠤᠨ ᠳᠤᠯᠠᠭᠠᠯᠠᠬᠤ ᠶᠢ ᠵᠣᠭᠰᠣᠭᠠᠬᠤ ᠲᠥᠯᠥᠪᠯᠡᠭᠡ ᠶᠢ 4 ᠰᠠᠷ᠎ᠠ ᠶᠢᠨ 20 ᠤ ᠡᠳᠦᠷ ᠪᠣᠯᠲᠠᠯ᠎ᠠ ᠤᠷᠲᠤᠳᠬᠠᠵᠤ᠂ ᠬᠡᠷᠡᠭᠯᠡᠭᠴᠢᠳ ᠠᠴᠠ ᠢᠯᠡᠭᠦᠴᠡ ᠶᠠᠮᠠᠷ ᠴᠤ ᠰᠦᠢᠳᠭᠡᠯ ᠬᠤᠷᠢᠶᠠᠬᠤ ᠥᠬᠡᠶ ᠶᠢ ᠤᠶᠢᠯᠠᠭᠠᠪᠠ᠃ ᠲᠤᠯᠠᠭᠠᠴᠠᠭᠤᠯᠬᠤ ᠴᠠᠭ ᠢ ᠤᠷᠲᠤᠳᠬᠠᠵᠤ ᠢᠯᠴᠢ ᠬᠠᠩᠭᠠᠬᠤ ᠨᠢ ᠬᠠᠪᠤᠷ ᠤᠨ ᠨᠡᠷᠡᠨ ᠤ ᠳᠤᠯᠠᠭᠠᠨ ᠰᠢᠭ᠋ ᠪᠦᠬᠦ ᠬᠤᠳᠠ ᠶᠢ ᠳᠤᠯᠠᠭᠠᠴᠠᠭᠤᠯᠵᠤ᠂ ᠠᠷᠠᠳ ᠤᠨ ᠠᠮᠢᠳᠤᠷᠠᠯ ᠳᠤ ᠬᠠᠯᠠᠭᠤᠨ ᠳᠤᠯᠠᠭᠠᠨ ᠬᠠᠩᠭᠠᠬᠰᠠᠨ ᠢ ᠬᠠᠷᠠᠭᠤᠯᠤᠨ᠎ᠠ᠃
   4 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠰᠤᠷᠪᠤᠯᠵᠢᠯᠠᠭᠴᠢ ᠰᠢᠨ ᠹᠧᠩ ᠢᠯᠴᠢ ᠶᠢᠨ ᠴᠠᠬᠢᠯᠭᠠᠨ ᠤ ᠺᠣᠮᠫᠠᠨᠢ ᠪᠣᠯᠤᠨ ᠹᠧᠩ ᠳ᠋ᠢᠶᠠᠨ ᠡᠨᠧᠷᠭᠢ ᠶᠢᠨ ᠰᠤᠷᠪᠤᠯᠵᠢ ᠶᠢᠨ ᠺᠣᠮᠫᠠᠨᠢ ᠳᠤ ᠦᠢᠯᠡᠳᠪᠦᠷᠢ ᠶᠢᠨ ᠲᠠᠰᠤᠭ ᠲᠠᠬᠢ ᠭᠦᠸᠧᠯᠦ ᠶᠢ ᠬᠡᠪ ᠢᠶᠠᠷ ᠠᠵᠢᠯᠯᠠᠭᠤᠯᠵᠤ᠂ ᠱᠠᠭᠠᠷᠳᠠᠯᠭ᠎ᠠ ᠶᠣᠰᠣᠭᠠᠷ ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠶᠢ ᠪᠠᠲᠤᠯᠠᠵᠤ ᠪᠠᠶᠢᠬᠤ ᠪᠠ ᠶᠡᠷᠦᠩᠬᠡᠶ ᠡᠵᠡᠮᠳᠡᠯ ᠬᠡᠷ ᠤᠨ ᠳᠣᠲᠣᠷᠠᠬᠢ ᠠᠵᠢᠯᠲᠠᠳ ᠲᠡᠷᠢ ᠲᠡᠭᠰᠢ ᠡᠮᠦᠰᠴᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ ᠪᠠᠷ ᠳᠤᠯᠠᠭᠠᠯᠭ᠎ᠠ ᠶᠢ ᠤᠷᠲᠤᠳᠬᠠᠬᠤ ᠡᠯ᠎ᠡ ᠵᠦᠢᠯ ᠤᠨ ᠠᠵᠢᠯ ᠳᠤ ᠣᠷᠣᠯᠴᠠᠵᠤ᠂ ᠳᠤᠯᠠᠭᠠᠯᠭ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠬᠢᠨᠠᠨ ᠡᠵᠡᠮᠳᠡᠵᠦ᠂ ᠡᠯ᠎ᠡ ᠵᠦᠢᠯ ᠤᠨ ᠲᠤᠭ᠎ᠠ ᠪᠠᠷᠢᠮᠲᠠ ᠶᠢᠨ ᠭᠦᠢᠴᠡᠳᠭᠡᠯ ᠲᠤᠭ᠎ᠠ ᠪᠠ ᠡᠯ᠎ᠡ ᠭᠤᠭᠴᠤᠭ᠎ᠠ ᠶᠢᠨ ᠬᠡᠪ ᠤᠨ ᠠᠵᠢᠯᠯᠠᠭ᠎ᠠ ᠶᠢ ᠦᠨᠡᠨᠬᠦ ᠪᠠᠲᠤᠯᠠᠵᠤ ᠪᠠᠶᠢᠬᠤ ᠶᠢ ᠤᠯᠵᠤ ᠬᠠᠷᠠᠨ᠎ᠠ᠃
   ᠳᠠᠷᠠᠭ᠎ᠠ ᠨᠢ᠂ ᠰᠤᠷᠪᠤᠯᠵᠢᠯᠠᠭᠴᠢ ᠪᠠᠰᠠ ᠹᠧᠩᠵᠧᠨ ᠬᠤᠲᠠ ᠶᠢᠨ ᠢᠯᠴᠢ ᠬᠠᠩᠭᠠᠬᠤ ᠦᠢᠯᠡᠴᠢᠯᠡᠭᠡᠨ ᠤ ᠲᠥᠪ ᠪᠣᠯᠤᠨ ᠰᠢᠤᠸᠠᠢ ᠹᠦ᠋ ᠵᠢᠵᠢᠭ ᠲᠣᠭᠤᠷᠢᠭ ᠤᠨ ᠢᠯᠴᠢ ᠰᠣᠯᠢᠬᠤ ᠥᠷᠲᠡᠭᠡ ᠳᠤ ᠬᠦᠷᠴᠦ᠂ ᠵᠢᠵᠢᠭᠦᠷᠯᠡᠭᠴᠢ ᠬᠢᠨᠠᠨ ᠡᠵᠡᠮᠳᠡᠬᠦ ᠳᠡᠯᠭᠡᠴᠡ ᠳᠡᠭᠡᠷ᠎ᠡ ᠲᠠᠰᠤᠷᠠᠯᠲᠠ ᠥᠬᠡᠶ ᠴᠣᠬᠢᠯᠠᠵᠤ ᠪᠠᠶᠢᠭ᠎ᠠ ᠲᠤᠭ᠎ᠠ ᠪᠠᠷᠢᠮᠲᠠ ᠶᠢ ᠴᠢᠩᠭ᠎ᠠ ᠠᠵᠢᠭᠯᠠᠵᠤ᠂ ᠢᠯᠴᠢ ᠬᠠᠩᠭᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠨᠢᠭᠲᠠ ᠠᠩᠬᠠᠷᠴᠤ ᠪᠠᠶᠢᠬᠤ ᠶᠢ ᠣᠯᠵᠤ ᠬᠠᠷᠠᠪᠠ︔ ᠰᠡᠯᠪᠢᠨ ᠵᠠᠰᠠᠬᠤ ᠠᠵᠢᠯᠲᠠᠳ ᠵᠢᠭᠰᠠᠭᠠᠯ ᠢᠶᠠᠨ ᠴᠢᠩᠭ᠎ᠠ ᠰᠠᠬᠢᠵᠤ᠂ ᠭᠠᠷᠴᠤ ᠮᠡᠳᠡᠬᠦ ᠰᠠᠭᠠᠳ ᠢ ᠰᠢᠢᠳᠪᠦᠷᠢᠯᠡᠬᠦ ᠪᠠᠷ ᠴᠠᠭ ᠢᠮᠠᠭᠲᠠ ᠪᠡᠯᠡᠬᠡᠨ ᠪᠠᠶᠢᠵᠤ᠂ ᠡᠳᠦᠷ ᠰᠥᠨᠢ ᠭᠡᠰᠡᠨ ᠥᠬᠡᠶ᠂ ᠰᠠᠭᠠᠳ ᠭᠠᠷᠤᠭᠰᠠᠨ ᠮᠡᠳᠡᠭᠳᠡᠯ ᠢ ᠣᠯᠤᠮᠠᠭᠴᠠ ᠬᠠᠮᠤᠭ ᠤᠨ ᠲᠦᠷᠭᠡᠨ ᠬᠤᠷᠳᠤᠴᠠ ᠪᠠᠷ ᠵᠠᠪᠳᠤᠨ ᠬᠦᠷᠴᠦ᠂ ᠴᠠᠭ ᠮᠥᠴᠡ ᠶᠢ ᠠᠯᠳᠠᠯ ᠥᠬᠡᠶ ᠪᠠᠷ ᠵᠠᠪᠳᠤᠨ ᠵᠠᠰᠠᠵᠤ᠂ᠬᠠᠮᠤᠭ ᠤᠨ ᠣᠬᠤᠷ ᠬᠤᠭᠤᠴᠠᠭᠠᠨ ᠳᠤ ᠳᠤᠯᠠᠭᠠᠯᠭ᠎ᠠ ᠶᠢ ᠰᠡᠷᠭᠦᠭᠡᠬᠦ ᠪᠠᠷ ᠴᠢᠷᠮᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠭᠡᠨ᠎ᠡ᠃    ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠬᠡᠵᠢᠶᠡᠳᠡ ᠬᠠᠶᠢᠷ᠎ᠠ ᠰᠡᠳᠬᠢᠯᠭᠡ ᠲᠠᠢ ᠬᠤᠯᠪᠣᠭᠳᠠᠨ᠎ᠠ᠃ ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠪᠣᠯ ᠤᠮᠠᠷᠠᠲᠤ ᠣᠷᠣᠨ ᠤ ᠠᠷᠠᠳ ᠤᠨ ᠠᠮᠢᠳᠤᠷᠠᠯ ᠤᠨ ᠴᠢᠬᠤᠯᠠ ᠶᠡᠭᠡ ᠶᠠᠪᠤᠳᠠᠯ ᠪᠠᠶᠢᠵᠤ᠂ ᠲᠡᠷᠡ ᠨᠢ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠲᠠᠢ ᠰᠢᠭᠤᠳ ᠬᠤᠯᠪᠤᠬᠳᠠᠨ᠂ ᠳᠤᠯᠠᠭᠠᠯᠠᠭ᠎ᠠ ᠶᠢ ᠬᠤᠶᠢᠰᠢᠯᠠᠭᠤᠯᠬᠤ ᠨᠢ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠹᠧᠩᠵᠧᠨ ᠬᠤᠲᠠ ᠶᠢᠨ ᠬᠢᠨ ᠪᠣᠳᠠᠲᠠᠶ ᠴᠠᠭ ᠠᠭᠤᠷ ᠤᠨ ᠪᠠᠶᠢᠳᠠᠯ ᠪᠠ ᠣᠯᠠᠨ ᠲᠦᠮᠡᠨ ᠤ ᠪᠣᠳᠠᠲᠠᠶ ᠬᠡᠷᠡᠭᠴᠡᠭᠡ ᠶᠢ ᠦᠨᠳᠦᠰᠦᠯᠡᠨ ᠳᠤᠯᠠᠭᠠᠯᠠᠬᠤ ᠶᠢ ᠵᠣᠭᠰᠣᠭᠠᠬᠤ ᠴᠠᠭ ᠢᠶᠠᠨ ᠠᠮᠢᠳᠤᠯᠢᠭ ᠢᠶᠠᠷ ᠲᠣᠬᠢᠷᠠᠭᠤᠯᠵᠤ᠂︽ᠳᠤᠯᠠᠭᠠᠯᠠᠭ᠎ᠠ ᠶᠢᠨ ᠢᠨᠵᠧᠨᠧᠷᠢᠩ︾ ᠭᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠶ ᠳᠤ ᠨᠠᠶᠢᠳᠠᠪᠤᠷᠢᠵᠢᠭᠤᠯᠪᠠ᠃      ᠵᠣᠬᠢᠶᠠᠭᠴᠢ᠄ ᠰᠢᠤᠸᠠᠨ ᠶᠠᠨ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3