ᠹᠧᠩᠵᠧᠨ ᠬᠤᠲᠠ ᠶᠢᠨ ᠬᠢᠨ ᠪᠷᠦ᠋ᠼᠧᠯ ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/4/17
   ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠲᠦᠮᠡᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠨᠡᠮᠡᠭᠳᠡᠭᠦᠯᠬᠦ ᠶᠢᠨ ᠲᠤᠰᠠᠳᠠ᠂4 ᠰᠠᠷ᠎ᠠ ᠶᠢᠨ 15 ᠤ ᠡᠳᠦᠷ᠂ ᠹᠧᠩᠵᠧᠨ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠤᠯᠤᠨ ᠹᠧᠩᠵᠧᠨ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠢᠨ ᠪᠷᠦ᠋ᠼᠧᠯ ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠲᠣᠰ ᠤᠳᠠᠭᠠᠨ ᠤ ᠠᠵᠢᠯᠯᠠᠭ᠎ᠠ ᠶᠢ ᠮᠡᠳᠡᠯᠭᠡ ᠶᠢᠨ ᠲᠠᠶᠢᠯᠤᠮᠵᠢ ᠥᠷᠨᠢᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠵᠤ ᠬᠠᠷᠢᠯᠴᠠᠨ ᠬᠥᠳᠡᠯᠦᠯᠴᠡᠬᠦ ᠵᠡᠷᠭᠡ ᠠᠷᠭ᠎ᠠ ᠮᠠᠶ᠋ᠢᠭ ᠢᠶᠠᠷ ᠥᠷᠨᠢᠭᠦᠯᠪᠡ᠃ ᠠᠵᠢᠯᠲᠠᠳ ᠲᠤᠬᠠᠶ ᠶᠢᠨ ᠲᠠᠯᠠᠪᠤᠷ ᠲᠤ ᠥᠷᠭᠡᠨ ᠣᠯᠠᠨ ᠲᠦᠮᠡᠨ ᠳᠤ ᠪᠷᠦ᠋ᠼᠧᠯ ᠡᠪᠡᠳᠴᠢᠨ ᠤ ᠦᠨᠳᠦᠰᠦᠨ ᠮᠡᠳᠡᠯᠭᠡ᠂ ᠬᠠᠯᠳᠠᠪᠤᠷᠢᠯᠠᠬᠤ ᠠᠷᠭ᠎ᠠ ᠵᠠᠮ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠲᠡᠵᠢᠭᠡᠨ ᠦᠷᠡᠵᠢᠭᠦᠯᠬᠦ ᠡᠷᠦᠬᠡ ᠳᠤ ᠰᠠᠨᠠᠭᠤᠯᠬᠤ ᠨᠢ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠢ ᠠᠷᠢᠭᠤᠳᠬᠠᠬᠤ ᠶᠢ ᠴᠢᠬᠤᠯᠠᠴᠢᠯᠠᠵᠤ᠂ ᠦᠢᠯᠡᠳᠪᠦᠷᠢᠯᠡᠯ ᠤᠨ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠦᠢᠯᠡ ᠠᠵᠢᠯᠯᠠᠭᠠᠨ ᠤ ᠳᠠᠳᠬᠠᠯ ᠲᠠᠢ ᠪᠣᠯᠵᠣ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠬᠢ ᠡᠭᠦᠰᠦᠯ ᠠᠴᠠ ᠨᠢ ᠪᠠᠲᠤ ᠪᠠᠶᠢᠭᠤᠯᠬᠤ ᠬᠡᠷᠡᠭᠲᠡᠶ᠃
   ᠠᠵᠢᠯᠯᠠᠭ᠎ᠠ ᠶᠢᠨ ᠳᠤᠮᠳᠠ ᠠᠵᠢᠯᠲᠠᠳ ᠪᠠᠰᠠ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠪᠷᠦ᠋ᠼᠧᠯ ᠡᠪᠡᠳᠴᠢᠨ ᠳᠤ ᠭᠠᠷ ᠲᠦᠷᠦᠭᠦ ᠪᠣᠭᠴᠣ᠂ ᠠᠷᠢᠭᠤᠳᠬᠠᠬᠤ ᠰᠢᠩᠭᠡᠨ᠂ ᠦᠨᠦᠷᠲᠦ ᠰᠠᠪᠤᠩ ᠵᠡᠷᠭᠡ ᠬᠠᠮᠠᠭᠠᠯᠠᠯᠲᠠ ᠶᠢᠨ ᠬᠡᠷᠡᠭᠰᠡᠯ ᠢ ᠣᠯᠠᠨ ᠳᠤ ᠲᠦᠭᠡᠭᠡᠵᠦ ᠦᠭᠪᠡ᠃ ᠡᠮᠨᠡᠯᠭᠡ ᠶᠢᠨ ᠠᠵᠢᠯᠲᠠᠳ ᠲᠤᠬᠠᠶ ᠶᠢᠨ ᠲᠠᠯᠠᠪᠤᠷ ᠲᠤ ᠣᠯᠠᠨ ᠳᠤ ᠴᠢᠰᠤ ᠠᠪᠬᠤ ᠪᠠᠶᠢᠴᠠᠭᠠᠯᠲᠠ ᠬᠢᠪᠡ᠃
   ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠣᠯᠠᠨ ᠲᠦᠮᠡᠨ ᠤ ᠪᠷᠦ᠋ᠼᠧᠯ ᠡᠪᠡᠳᠴᠢᠨ ᠤ ᠲᠤᠬᠠᠶ ᠲᠠᠨᠢᠯᠲᠠ ᠪᠠ ᠰᠡᠷᠭᠡᠶᠢᠯᠡᠯᠲᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠤ ᠡᠷᠡᠭᠦᠯ ᠮᠡᠨᠳᠦ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠬᠦ ᠬᠤᠲᠠ ᠶᠢᠨ ᠬᠡᠪᠴᠢᠶᠡᠨ ᠳᠤ ᠪᠷᠦ᠋ᠼᠧᠯ ᠡᠪᠡᠳᠴᠢᠨ ᠢ ᠪᠦᠲᠦᠮᠵᠢᠲᠡᠶ ᠰᠡᠷᠭᠡᠶᠢᠯᠡᠨ ᠡᠵᠡᠮᠳᠡᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠵᠣᠬᠢᠶᠠᠭᠴᠢ᠄ ᠬᠤᠤ ᠴᠧᠨ ᠹᠧᠩ  ᠰᠢᠩ ᠶᠦᠩ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3