| ᠣᠶᠢᠷ᠎ᠠ ᠳᠤ᠂ ᠬᠤᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨ | ᠬᠤᠲᠠ ᠶᠢᠨ ᠲᠣᠭᠤᠷᠢᠭ ᠤᠨ ᠬᠡᠪᠴᠢᠶᠡᠨ ᠳᠤ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠤᠨ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠶ ᠠᠵᠢᠯᠯᠠᠭ᠎ᠠ ᠥᠷᠨᠢᠭᠦᠯᠪᠡ᠃ | | | | | | ᠬᠠᠤᠯᠢ ᠬᠡᠷᠡᠭᠵᠢᠭᠦᠯᠬᠦ ᠠᠵᠢᠯᠲᠠᠨ ᠬᠤᠲᠠ ᠶᠢᠨ ᠲᠣᠭᠤᠷᠢᠭ ᠤᠨ ᠭᠤᠤᠯ ᠳᠡᠳ᠋ ᠵᠠᠮ ᠱᠤᠭᠤᠮ᠂ ᠬᠤᠳᠠᠯᠳᠤᠭᠠᠨ ᠤ | ᠵᠡᠭᠡᠯᠢ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ᠂ ᠠᠮᠤᠷ ᠲᠦᠪᠰᠢᠨ ᠤ ᠳᠠᠯᠳᠠ ᠬᠡᠮ | ᠣᠷᠣᠰᠢᠵᠤ ᠪᠠᠶᠢᠭ᠎ᠠ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠢ ᠬᠠᠮᠢᠶ᠎ᠠ ᠪᠥᠬᠦᠶ ᠬᠠᠷᠢᠭᠤᠴᠠᠯᠭᠠᠲᠠᠨ ᠢ ᠵᠠᠷᠯᠢᠭᠳᠠᠵᠤ | ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ | ᠲᠡᠪᠴᠢᠭᠰᠡᠨ ᠨᠢᠭᠡᠴᠡ ᠶᠢ ᠬᠠᠤᠯᠢ ᠶᠣᠰᠣᠭᠠᠷ ᠰᠢᠢᠳᠪᠦᠷᠢᠯᠡᠪᠡ᠃ ᠲᠣᠰ ᠤᠳᠠᠭᠠᠨ ᠤ ᠠᠵᠢᠯᠯᠠᠭ᠎ᠠ ᠳᠤ ᠡᠭᠦᠳᠡᠨ ᠳᠡᠭᠡᠷᠡᠬᠢ | ᠫᠠᠶᠢᠰᠠ ᠢᠯᠡᠷᠬᠡᠶᠢᠯᠡᠯ ᠨᠢ ᠪᠠᠲᠤ ᠪᠠᠬᠢ ᠪᠠᠶᠢᠬᠤ ᠡᠰᠡᠬᠦ᠂ ᠪᠦᠲᠦᠴᠡ ᠨᠢ ᠠᠮᠤᠷ ᠲᠦᠪᠰᠢᠨ ᠪᠠᠶᠢᠬᠤ ᠡᠰᠡᠬᠦ᠂ ᠰᠤᠯᠠᠷᠠᠬᠤ᠂ | ᠬᠡᠯᠪᠠᠶᠢᠬᠦ ᠵᠡᠷᠭᠡ ᠳᠠᠯᠳᠠ ᠬᠡᠮ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠵᠤ᠂ ᠶᠡᠭᠡ ᠰᠠᠯᠬᠢ ᠲᠠᠢ ᠴᠠᠭ | ᠠᠭᠤᠷ ᠲᠤᠬᠢᠶᠠᠯᠳᠤᠪᠠᠯ ᠤᠨᠠᠵᠤ ᠢᠷᠡᠬᠦ ᠠᠳᠡᠯ ᠭᠠᠷᠬᠤ ᠥᠬᠡᠶ ᠪᠠᠶᠢᠬᠤ ᠶᠢ ᠦᠨᠡᠨᠬᠦ ᠪᠠᠳᠤᠯᠠᠪᠠ᠃ | | | | | | ᠬᠤᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨ ᠡᠭᠦᠳᠡᠨ ᠳᠡᠭᠡᠷᠡᠬᠢ | ᠫᠠᠶᠢᠰᠠ ᠢᠯᠡᠷᠬᠡᠶᠢᠯᠡᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠤ᠂ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠤᠲᠠ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ | ᠦᠨᠡᠨᠬᠦ ᠪᠠᠲᠤᠯᠠᠨ᠎ᠠ ᠬᠡᠵᠡᠬᠡᠨᠡ᠃ | | | | ᠵᠣᠬᠢᠶᠠᠭᠴᠢ᠄ ᠸᠠᠩ ᠨᠢᠩ ᠪᠦᠸᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |