| ᠤᠷᠢᠬᠠᠨ ᠬᠠᠪᠤᠷ ᠰᠠᠭᠠᠳᠤᠵᠤ᠂ ᠲᠦᠮᠡᠨ ᠪᠣᠳᠠᠰ ᠰᠢᠨᠡᠳᠦᠨ ᠠᠮᠢᠯᠠᠨ᠎ᠠ᠃ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠮᠣᠳᠣ ᠳᠠᠷᠢᠵᠤ ᠣᠶᠢᠵᠢᠭᠤᠯᠬᠤ ᠨᠢ ᠨᠢᠭᠡᠨᠲᠡ | ᠪᠣᠬᠢᠷᠲᠤᠯ ᠥᠬᠡᠶ ᠬᠥᠭᠵᠢᠯᠲᠡ ᠶᠢ ᠳᠥᠯᠭᠢᠨ ᠠᠬᠢᠭᠤᠯᠬᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ | ᠬᠠᠮᠲᠤ ᠣᠷᠣᠰᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃ 4 ᠰᠠᠷ᠎ᠠ ᠶᠢᠨ 16 ᠤ ᠡᠳᠦᠷ᠂ | ᠮᠠᠨ ᠤ ᠬᠤᠳᠠ ᠶᠢᠨ ᠵᠢᠤᠢ ᠪᠦᠦ ᠵᠤᠸᠠᠩ ᠪᠠᠯᠭᠠᠰᠤᠨ ᠤ 512 ᠱᠤᠭᠤᠮ ᠤᠨ ᠵᠠᠮ ᠤᠨ ᠣᠷᠣᠬᠤ ᠡᠭᠦᠳᠡᠨ ᠳᠤ᠂ ︽ᠮᠣᠳᠣ | ᠲᠠᠷᠢᠬᠤ ᠡᠭᠦᠷᠭᠡ ᠪᠠᠨ ᠭᠦᠢᠴᠡᠳᠬᠡᠵᠦ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤᠪᠠᠷ ᠪᠦᠳᠦᠭᠡᠨ ᠪᠠᠶᠢᠭᠤᠯᠤᠶ᠎ᠠ︾ | ᠭᠡᠬᠦ ᠭᠤᠣᠯ ᠰᠡᠳᠦᠪᠲᠦ 2025 ᠣᠨ ᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠬᠦᠷ | ᠬᠥᠭᠵᠢᠶᠡᠨ ᠲᠠᠢ ᠶᠠᠪᠤᠬᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠶ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠪᠠ᠃ | | ᠮᠣᠳᠣ ᠲᠠᠷᠢᠬᠤ ᠲᠤᠬᠠᠢ ᠶᠢᠨ ᠲᠠᠯᠠᠪᠠᠢ ᠶᠢᠨ ᠭᠠᠵᠠᠷ ᠪᠣᠯᠭᠠᠨ ᠳᠤ ᠬᠦᠷ ᠬᠥᠭᠵᠢᠶᠡᠨ ᠲᠠᠢ ᠬᠥᠳᠡᠯᠮᠦᠷᠢ ᠶᠢᠨ ᠠᠭᠤᠷ | ᠠᠮᠢᠰᠬᠤᠯ ᠢᠶᠠᠷ ᠪᠢᠯᠬᠠᠨ᠎ᠠ᠃ ᠯᠢ ᠶᠢᠩ᠂ ᠯᠢ ᠱᠦ ᠸᠧᠢ᠂ ᠵᠠᠩ ᠬᠤᠩ᠂ ᠵᠠᠩ ᠵᠢᠶᠦ᠋ᠨ ᠵᠡᠷᠭᠡ ᠬᠤᠳᠠ ᠶᠢᠨ | ᠤᠳᠤᠷᠢᠳᠤᠯᠭ᠎ᠠ ᠨᠠᠷ ᠪᠠᠶᠢᠭᠤᠯᠭ᠎ᠠ ᠶᠢᠨ ᠺᠠᠳ᠋ᠷ ᠤᠯᠠᠨ ᠲᠦᠮᠡᠨ ᠲᠠᠢ ᠬᠦᠷᠵᠡ ᠠᠳᠬᠤᠨ ᠰᠢᠷᠣᠢ ᠮᠠᠯᠲᠠᠵᠤ᠂ ᠴᠢᠬᠢ | ᠮᠣᠳᠣ ᠶᠢ ᠲᠦᠰᠢᠨ ᠨᠦᠬᠡ ᠶᠢ ᠪᠥᠭᠯᠡᠵᠦ᠂ ᠬᠠᠮᠲᠤᠪᠠᠷ ᠪᠦᠬᠦ ᠬᠤᠳᠠ ᠶᠢᠨ ᠬᠠᠪᠤᠷ ᠤᠨ ᠤᠯᠠᠷᠢᠯ ᠤᠨ ᠣᠶᠢᠵᠢᠭᠤᠯᠵᠤ | ᠨᠣᠭᠤᠭᠠᠷᠠᠭᠤᠯᠬᠤ ᠬᠥᠰᠢᠭᠡ ᠶᠢ ᠨᠡᠭᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠳᠠ ᠳᠤ ᠰᠢᠨ᠎ᠡ ᠠᠮᠢᠵᠢᠷᠠᠯ ᠤᠨ ᠬᠦᠴᠦᠨ ᠢ | ᠨᠡᠮᠡᠷᠢᠯᠡᠪᠡ᠃ | | ᠠᠵᠢᠯᠯᠠᠭ᠎ᠠ ᠶᠢᠨ ᠳᠤᠮᠳᠠ᠂ ᠯᠢ ᠶᠢᠩ ᠮᠣᠳᠣ ᠲᠠᠷᠢᠬᠤ ᠶᠢᠨ ᠳᠠᠭᠠᠤ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ | ᠠᠯᠪᠠᠨ ᠵᠢᠷᠤᠮ ᠤᠨ ᠮᠣᠳᠣ ᠲᠠᠷᠢᠬᠤ ᠬᠠᠮᠢᠶ᠎ᠠ ᠪᠦᠬᠦᠢ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠣᠶᠢᠯᠠᠭᠠᠪᠠ᠃ ᠯᠢ | ᠶᠢᠩ᠄ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ | ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠳᠡᠢ︔ | ᠬᠠᠪᠤᠷ ᠤᠨ ᠤᠯᠠᠷᠢᠯ ᠤᠨ ᠮᠣᠳᠣ ᠲᠠᠷᠢᠵᠤ ᠣᠶᠢᠵᠢᠭᠤᠯᠬᠤ ᠰᠢᠵᠢᠷ ᠠᠯᠳᠠᠨ ᠬᠤᠭᠤᠴᠠᠭ᠎ᠠ ᠶᠢ ᠪᠠᠲᠤ ᠡᠵᠡᠮᠳᠡᠵᠦ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠪᠣᠬᠢᠷᠲᠤᠯ ᠦᠭᠡᠢ ᠠᠮᠢ | ᠠᠬᠤᠢ ᠶᠢᠨ ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ ᠬᠤᠳᠠ ᠶᠢᠨ ︽ᠨᠣᠭᠤᠭᠠᠷᠠᠭᠤᠯᠤᠯᠲᠠ ᠶᠢᠨ ᠬᠡᠮᠵᠢᠶ᠎ᠡ︾ ᠶᠢ | ᠨᠡᠮᠡᠭᠳᠡᠭᠦᠯᠬᠦ ᠠᠴᠠ ︽ᠨᠣᠭᠤᠭᠠᠷᠠᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠲᠡᠰᠢ ᠬᠤᠪᠢᠷᠠᠭᠤᠯᠬᠤ ᠶᠢ | ᠬᠦᠴᠦᠲᠡᠢ ᠠᠬᠢᠭᠤᠯᠬᠤ ᠬᠡᠷᠡᠭᠲᠡᠢ︔ ︽ᠲᠠᠷᠢᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ︾ ᠶᠢ ᠪᠠᠷᠢᠮᠲᠠᠯᠠᠵᠤ᠂ | ᠴᠢᠬᠢ ᠮᠣᠳᠣ ᠶᠢ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ | ︽ᠨᠢᠭᠡ ᠰᠠᠭᠤᠷᠢ ᠲᠠᠷᠢᠪᠠᠯ ᠨᠢᠭᠡ ᠰᠠᠭᠤᠷᠢ ᠤᠷᠭᠤᠵᠤ᠂ ᠨᠢᠭᠡ ᠬᠡᠰᠡᠭ ᠲᠠᠷᠢᠪᠠᠯ ᠨᠢᠭᠡ ᠬᠡᠰᠡᠭ ᠪᠣᠯᠭᠠᠬᠤ︾ ᠶᠢ ᠪᠠᠲᠤᠯᠠᠵᠤ᠂ | ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠪᠡ᠃ | | | | | | ᠪᠥᠬᠦ ᠬᠤᠲᠠ ᠶᠢᠨ 30 ᠨᠢᠭᠡᠴᠡ ᠶᠢᠨ 1300 ᠭᠠᠷᠤᠶ ᠬᠥᠮᠦᠨ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠵᠤ᠂ ᠨᠡᠶᠢᠲᠡ 3800 ᠭᠠᠷᠤᠶ ᠰᠠᠭᠤᠷᠢ ᠨᠠᠷᠠᠰᠤᠨ ᠤ ᠲᠥᠷᠥᠯ ᠤᠨ ᠮᠣᠳᠣ ᠳᠠᠷᠢᠭᠰᠠᠨ ᠪᠠᠶᠢᠨ᠎ᠠ᠃ | | | | | ᠵᠣᠬᠢᠶᠠᠭᠴᠢ᠄ ᠪᠠᠶ ᠯᠢ ᠨᠠ ᠸᠠᠩ ᠨᠢᠩ ᠪᠦᠸᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |