| | 2025 ᠣᠨ ᠤ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠠᠴᠠ ᠡᠮᠦᠨᠡᠬᠢ | ᠪᠣᠯᠪᠠᠰᠤᠷᠠᠭᠤᠯᠤᠯ ᠢ ᠥᠷᠨᠢᠭᠦᠯᠬᠦ ᠲᠤᠬᠠᠶ ᠮᠡᠳᠡᠭᠳᠡᠯ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ | ᠬᠤᠲᠠ ᠶᠢᠨ ᠬᠤᠯᠪᠣᠭᠳᠠᠯ ᠪᠥᠬᠦᠶ ᠨᠢᠭᠡᠴᠡ᠂ ᠪᠥᠬᠦ ᠬᠤᠲᠠ ᠶᠢᠨ 2025 ᠣᠨ ᠤ ᠨᠡᠶᠢᠭᠡᠮ ᠤᠨ ᠠᠵᠢᠯᠲᠠᠨ ᠤ | ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠰ ᠵᠢᠴᠢ ᠥᠷᠭᠡᠨ ᠣᠯᠠᠨ | ᠨᠡᠶᠢᠭᠡᠮ ᠳᠤ ᠬᠠᠶᠢᠷᠠᠲᠠᠶ ᠠᠵᠢᠯᠳᠠᠳ ᠳᠤ᠄ | ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠲᠦᠪᠰᠢᠨ ᠤ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠂ ᠮᠠᠨ ᠤ ᠬᠤᠲᠠ ᠶᠢᠨ ᠨᠡᠶᠢᠭᠡᠮ ᠤᠨ ᠠᠵᠢᠯ ᠤᠨ ᠲᠤᠰᠬᠠᠶᠢᠵᠢᠭᠰᠠᠨ᠂ | ᠵᠢᠷᠤᠮᠵᠢᠭᠰᠠᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠬᠤᠲᠠ ᠶᠢᠨ ᠨᠠᠮ ᠤᠨ ᠬᠤᠷᠢᠶ᠎ᠠ ᠶᠢᠨ | ᠨᠡᠶᠢᠭᠡᠮ ᠤᠨ ᠠᠵᠢᠯ ᠤᠨ ᠬᠡᠯᠲᠡᠰ ᠠᠴᠠ 2025 ᠣᠨ ᠤ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ | ᠬᠡᠮ ᠤᠨ ᠰᠢᠯᠭᠠᠯᠲᠠ ᠠᠴᠠ ᠡᠮᠦᠨᠡᠬᠢ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨᠦᠷᠨᠢᠬᠦᠯᠬᠦ ᠪᠠᠷ ᠪᠠᠶᠢᠵᠤ᠂ ᠡᠳᠦᠭᠡ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠪᠣᠯᠪᠠᠰᠤᠷᠠᠭᠤᠯᠤᠯ ᠤᠨ ᠡᠲᠡᠭᠡᠳ | ᠤᠯᠠᠭᠠᠨᠴᠠᠪ ᠤᠨ ᠰᠢᠯᠭᠠᠯᠲᠠ ᠶᠢᠨ ᠲᠣᠭᠤᠷᠢᠭ ᠤᠨ 2025 ᠣᠨ ᠤ ᠨᠡᠶᠢᠭᠡᠮ ᠤᠨ ᠠᠵᠢᠯᠲᠠᠨ ᠤ ᠠᠵᠢᠯ | ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠳ᠃ | ᠬᠤᠶᠠᠷ᠂ ᠪᠣᠯᠪᠠᠰᠤᠷᠠᠭᠤᠯᠤᠯ ᠤᠨ ᠠᠭᠤᠯᠭ᠎ᠠ ᠬᠢᠭᠡᠳ ᠬᠡᠯᠪᠡᠷᠢ | ︵ᠨᠢᠭᠡ︶ ᠪᠣᠯᠪᠠᠰᠤᠷᠠᠭᠤᠯᠤᠯ ᠤᠨ ᠠᠭᠤᠯᠭ᠎ᠠ | 1. ᠠᠩᠬ᠎ᠠ ᠵᠡᠷᠭᠡ ᠶᠢᠨ ᠰᠢᠯᠭᠠᠯᠲᠠ ᠶᠢᠨ ᠪᠣᠯᠪᠠᠰᠤᠷᠠᠭᠤᠯᠤᠯ᠄ ︽ᠨᠡᠶᠢᠭᠡᠮ ᠤᠨ ᠠᠵᠢᠯ ᠤᠨ ᠶᠡᠷᠦᠩᠬᠡᠶᠢᠯᠡᠭᠰᠡᠨ | ᠴᠢᠳᠠᠪᠤᠷᠢ ︵ᠠᠩᠬ᠎ᠠ ᠵᠡᠷᠭᠡ ᠶᠢᠨ︶︾᠂ ︽ᠨᠡᠶᠢᠭᠡᠮ ᠤᠨ ᠠᠵᠢᠯ ᠤᠨ ᠪᠣᠳᠠᠲᠤ ᠶᠠᠪᠤᠳᠠᠯ ︵ᠠᠩᠬ᠎ᠠ ᠵᠡᠷᠭᠡ ᠶᠢᠨ︶︾ | ᠭᠡᠬᠦ ᠬᠤᠶᠠᠷ ᠲᠥᠷᠥᠯ ᠤᠨ ᠲᠣᠭᠤᠷᠢᠨ ᠳᠤ᠂ ᠰᠢᠯᠭᠠᠯᠲᠠ ᠶᠢᠨ ᠬᠥᠲᠥᠯᠪᠦᠷᠢ᠂ ᠭᠤᠤᠯᠳᠠᠯᠭ᠎ᠠ ᠲᠠᠢ ᠬᠦᠴᠢᠷᠳᠡᠯ | ᠵᠢᠴᠢ ᠰᠡᠳᠦᠪ ᠬᠠᠷᠢᠭᠤᠯᠬᠤ ᠤᠷ᠎ᠠ ᠮᠡᠷᠭᠡᠵᠢᠯ ᠢ ᠰᠢᠰᠲ᠋ᠧᠮ ᠲᠠᠢ ᠲᠠᠶᠢᠯᠪᠤᠷᠢᠯᠠᠨ᠎ᠠ᠃ | 2. ᠳᠤᠮᠳᠠ ᠵᠡᠷᠭᠡ ᠶᠢᠨ ᠰᠢᠯᠭᠠᠯᠲᠠ ᠶᠢᠨ ᠪᠣᠯᠪᠠᠰᠤᠷᠠᠭᠤᠯᠤᠯ᠄ ︽ᠨᠡᠶᠢᠭᠡᠮ ᠤᠨ ᠠᠵᠢᠯ ᠤᠨ ᠶᠡᠷᠦᠩᠬᠡᠶᠢᠯᠡᠭᠰᠡᠨ | ᠴᠢᠳᠠᠪᠤᠷᠢ ︵ᠳᠤᠮᠳᠠ ᠵᠡᠷᠭᠡ︶︾᠂ ︽ᠨᠡᠶᠢᠭᠡᠮ ᠤᠨ ᠠᠵᠢᠯ ᠤᠨ ᠬᠠᠤᠯᠢ ᠲᠣᠭᠲᠠᠭᠠᠯ ᠬᠢᠭᠡᠳ ᠲᠥᠷᠥ ᠶᠢᠨ | ᠪᠣᠳᠣᠯᠭ᠎ᠠ︾᠂ ︽ᠨᠡᠶᠢᠭᠡᠮ ᠤᠨ ᠠᠵᠢᠯ ᠤᠨ ᠪᠣᠳᠠᠲᠤ ᠶᠠᠪᠤᠳᠠᠯ ︵ᠳᠤᠮᠳᠠ ᠵᠡᠷᠭᠡ︶︾ ᠭᠤᠷᠪᠠᠨ ᠲᠥᠷᠥᠯ ᠢ | ᠬᠠᠮᠤᠷᠴᠤ᠂ ᠬᠡᠷᠡᠭ ᠤᠨ ᠵᠢᠱᠢᠶ᠎ᠡ ᠶᠢ ᠵᠠᠳᠠᠯᠬᠤ ᠲᠠᠢ ᠤᠶᠠᠯᠳᠤᠭᠤᠯᠤᠨ ᠮᠡᠳᠡᠯᠭᠡ ᠶᠢᠨ ᠬᠡᠷᠡᠭᠯᠡᠭᠡᠨ ᠤ ᠴᠢᠳᠠᠪᠤᠷᠢ ᠶᠢ | ᠴᠢᠩᠭᠠᠷᠠᠭᠤᠯᠤᠨ᠎ᠠ᠃ | 3. ᠦᠨᠡᠨ ᠰᠡᠳᠦᠪ ᠤᠨ ᠵᠠᠳᠠᠯᠤᠯᠲᠠ᠄ ᠲᠤᠰᠬᠠᠶ ᠮᠡᠷᠭᠡᠵᠢᠯᠲᠡᠨ ᠢ ᠤᠷᠢᠵᠤ ᠰᠡᠳᠦᠪ ᠳᠠᠷᠠᠭᠠᠯᠠᠨ | ᠲᠠᠶᠢᠯᠪᠤᠷᠢᠯᠠᠭᠤᠯᠵᠤ᠂ ᠰᠤᠷᠤᠭᠴᠢᠳ ᠢ ᠬᠠᠪᠰᠤᠷᠤᠨ ᠳᠤᠲᠠᠭᠳᠠᠯ ᠢ ᠨᠢ ᠪᠠᠶᠢᠴᠠᠭᠠᠨ ᠨᠥᠬᠦᠪᠥᠷᠢᠯᠡᠨ᠎ᠡ᠃ | ︵ᠬᠤᠶᠠᠷ︶ ᠪᠣᠯᠪᠠᠰᠤᠷᠠᠭᠤᠯᠬᠤ ᠬᠡᠯᠪᠡᠷᠢ | ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠨ᠎ᠠ︾ ᠶᠢ ᠬᠠᠷᠢᠯᠴᠠᠨ ᠤᠶᠠᠯᠳᠤᠭᠤᠯᠬᠤ ᠵᠠᠭᠪᠤᠷ ᠢ | ᠬᠡᠷᠡᠭᠯᠡᠨ᠎ᠡ᠃ | ᠰᠦᠯᠵᠢᠶᠡᠨ ᠳᠡᠭᠡᠷᠡᠬᠢ ᠬᠢᠴᠢᠶᠡᠯ᠄ ᠲᠤᠰᠬᠠᠶ ᠰᠤᠷᠤᠯᠴᠠᠬᠤ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ | ᠬᠢᠴᠢᠶᠡᠯᠯᠡᠬᠦ ᠶᠢ ᠬᠠᠩᠭᠠᠨ᠎ᠠ᠂ ᠡᠭᠦᠨ ᠳᠤ ᠰᠢᠯᠭᠠᠯᠲᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠨᠡᠶᠢᠭᠡᠮ ᠤᠨ | ᠠᠵᠢᠯ ᠤᠨ ᠣᠨᠣᠯ ᠤᠨ ᠨᠠᠷᠢᠨ ᠲᠠᠶᠢᠯᠤᠮᠵᠢ᠂ ᠥᠩᠭᠡᠷᠡᠭᠰᠡᠨ ᠵᠢᠯ ᠤᠳ ᠤᠨ ᠵᠢᠩᠬᠢᠨᠢ ᠰᠡᠳᠦᠪ ᠤᠨ ᠵᠠᠳᠠᠯᠤᠯᠲᠠ᠂ | ᠰᠡᠳᠦᠪ ᠬᠠᠷᠢᠭᠤᠯᠬᠤ ᠤᠷ᠎ᠠ ᠮᠡᠷᠭᠡᠵᠢᠯ ᠪᠠ ᠳᠠᠭᠤᠷᠢᠶᠠᠮᠠᠯ ᠰᠢᠯᠭᠠᠯᠲᠠ ᠪᠠᠭᠲᠠᠨ᠎ᠠ᠃ | ᠰᠦᠯᠵᠢᠶᠡᠨ ᠠᠴᠠ ᠭᠠᠳᠠᠨ᠎ᠠ ᠲᠥᠪᠯᠡᠷᠡᠭᠦᠯᠦᠨ ᠪᠣᠯᠪᠠᠰᠤᠷᠠᠭᠤᠯᠬᠤ᠄ 1 ᠡᠳᠦᠷ ᠲᠥᠪᠯᠡᠷᠡᠭᠦᠯᠦᠨ ᠬᠢᠴᠢᠶᠡᠯᠯᠡᠨ᠎ᠡ᠂ | ᠡᠭᠦᠨ ᠳᠤ ᠰᠢᠯᠭᠠᠯᠲᠠ ᠠᠴᠠ ᠡᠮᠦᠨᠡᠬᠢ ᠪᠣᠯᠪᠠᠰᠤᠷᠠᠭᠤᠯᠤᠯ ᠵᠢᠴᠢ ᠲᠤᠬᠠᠶ ᠶᠢᠨ ᠲᠠᠯᠠᠪᠤᠷ ᠤᠨ ᠮᠠᠳᠠᠭ ᠲᠠᠢ | ᠠᠰᠠᠭᠤᠳᠠᠯ ᠢ ᠬᠠᠷᠢᠭᠤᠯᠬᠤ ᠶᠢ ᠪᠠᠭᠲᠠᠭᠠᠨ᠎ᠠ᠃ ︵ᠪᠣᠳᠠᠲᠠᠢ ᠴᠠᠭ ᠬᠤᠭᠤᠴᠠᠭ᠎ᠠ ᠭᠠᠵᠠᠷ ᠣᠷᠣᠨ ᠢ ᠠᠰ ᠲᠤᠨᠢ | ᠮᠡᠳᠡᠭᠳᠡᠨ᠎ᠡ︶ | ᠭᠤᠷᠪᠠ᠂ ᠪᠣᠯᠪᠠᠰᠤᠷᠠᠭᠤᠯᠬᠤ ᠴᠠᠭ ᠵᠢᠴᠢ ᠭᠠᠵᠠᠷ | ᠨᠡᠷ᠎ᠡ ᠮᠡᠳᠡᠭᠦᠯᠬᠦ ᠴᠠᠭ᠄ 2025 ᠣᠨ ᠤ 4 ᠰᠠᠷ᠎ᠠ ᠶᠢᠨ 8 ᠤ ᠡᠳᠦᠷ — 4 ᠰᠠᠷ᠎ᠠ ᠶᠢᠨ 18 ᠤ ᠡᠳᠦᠷ᠃ | | ᠪᠣᠯᠪᠠᠰᠤᠷᠠᠭᠤᠯᠬᠤ ᠴᠠᠭ᠄ ᠲᠣᠰ ᠡᠳᠦᠷ ᠠᠴᠠ ᠡᠬᠢᠯᠡᠨ 5 ᠰᠠᠷ᠎ᠠ ᠶᠢᠨ 20 ᠤ ᠡᠳᠦᠷ ᠪᠣᠯᠲᠠᠯ᠎ᠠ ︵ᠪᠣᠳᠠᠲᠠᠶ | ᠲᠣᠬᠢᠷᠠᠭᠤᠯᠤᠯᠲᠠ ᠶᠢ ᠬᠢᠴᠢᠶᠡᠯ ᠤᠨ ᠬᠦᠰᠦᠨᠦᠭᠲᠦ ᠪᠠᠷ ᠪᠠᠷᠢᠮᠵᠢᠶ᠎ᠠ ᠪᠣᠯᠭᠠᠨ᠎ᠠ︶᠃ | ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠤᠨ ᠭᠠᠵᠠᠷ᠄ ᠠᠰ ᠲᠤᠨᠢ ᠮᠡᠳᠡᠭᠳᠡᠨ᠎ᠡ᠃ | ᠳᠥᠷᠪᠡ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ︵ᠨᠢᠭᠡ︶ ᠨᠢᠭᠡᠴᠡ ᠠᠴᠠ ᠨᠢᠭᠡᠳᠦᠯᠲᠡᠶ ᠨᠡᠷ᠎ᠡ ᠮᠡᠳᠡᠭᠦᠯᠦᠨ᠎ᠡ᠄ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ | ︵ᠰᠠᠯᠠᠭ᠎ᠠ ᠮᠥᠴᠢᠷ︶ ᠨᠢᠭᠡᠴᠡ ᠶᠢᠨ ᠬᠢᠨ ᠡᠯ᠎ᠡ ᠨᠢᠭᠡᠴᠡ ᠠᠴᠠ ᠪᠤᠯᠪᠠᠰᠤᠷᠠᠭᠤᠯᠤᠯ ᠳᠤ ᠣᠷᠣᠯᠴᠠᠭᠰᠠᠳ ᠤᠨ ᠮᠡᠳᠡᠭᠡ | ᠵᠠᠩᠭᠢ ᠶᠢ ᠬᠤᠷᠢᠶᠠᠩᠭᠤᠶᠢᠯᠠᠵᠤ᠂ ︽ᠰᠢᠯᠭᠠᠯᠲᠠ ᠠᠴᠠ ᠡᠮᠦᠨᠡᠬᠢ ᠪᠤᠯᠪᠠᠰᠤᠷᠠᠭᠤᠯᠤᠯ ᠤᠨ ᠨᠡᠷ᠎ᠡ ᠮᠡᠳᠡᠭᠦᠯᠬᠦ | ᠬᠦᠰᠦᠨᠦᠭᠲᠦ︾ ᠶᠢ ᠲᠠᠭᠯᠠᠵᠤ᠂ ᠠᠯᠪᠠᠨ ᠲᠠᠮᠠᠭ᠎ᠠ ᠪᠠᠨ ᠳᠠᠷᠤᠭᠰᠠᠨ ᠤ ᠳᠠᠷᠠᠭ᠎ᠠ ᠰᠢᠤᠳᠠᠨ ᠤ | ︵wlcbswshgzbtg@163. | com︶ ᠲᠤ ᠬᠦᠷᠭᠡᠨ᠎ᠡ᠃ | ︵ᠬᠤᠶᠠᠷ︶ ᠬᠤᠰᠢᠭᠤ ᠰᠢᠶᠠᠨ ᠬᠤᠲᠠ ᠲᠣᠭᠤᠷᠢᠭ ᠠᠴᠠ ᠨᠡᠷ᠎ᠡ ᠮᠡᠳᠡᠭᠦᠯᠦᠨ᠎ᠡ᠄ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠠᠴᠠ ᠬᠤᠷᠢᠶᠠᠩᠭᠤᠶᠢᠯᠠᠨ | ᠨᠢᠭᠡᠳᠦᠯᠲᠡᠶ ᠮᠡᠳᠡᠭᠦᠯᠦᠨ ᠬᠦᠷᠭᠡᠨ᠎ᠡ᠃ | ︵ᠭᠤᠷᠪᠠ︶ ᠬᠤᠪᠢ ᠬᠥᠮᠦᠨ ᠨᠡᠷ᠎ᠡ ᠮᠡᠳᠡᠭᠦᠯᠬᠦ᠄ ᠤᠯᠠᠭᠠᠨᠴᠠᠪ ᠤᠨ ᠰᠢᠯᠭᠠᠯᠲᠠ ᠶᠢᠨ ᠲᠣᠭᠤᠷᠢᠭ ᠤᠨ 2025 | ᠣᠨ ᠤ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠳ ︽ | ᠰᠢᠯᠭᠠᠯᠲᠠ ᠠᠴᠠ ᠡᠮᠦᠨᠡᠬᠢ ᠪᠣᠯᠪᠠᠰᠤᠷᠠᠭᠤᠯᠤᠯ ᠤᠨ ᠨᠡᠷ᠎ᠡ ᠮᠡᠳᠡᠭᠦᠯᠬᠦ ᠬᠦᠰᠦᠨᠦᠭᠲᠦ︾ ᠶᠢ ᠲᠠᠭᠯᠠᠬᠤ ᠶᠢᠨ ᠬᠠᠮᠲᠤ | ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠠᠮᠢᠶ᠎ᠠ ᠪᠥᠬᠦᠶ ᠭᠡᠷᠡᠴᠢ ᠶᠢ ᠳᠠᠭᠠᠯᠳᠤᠭᠤᠯᠤᠨ ᠰᠢᠤᠳᠠᠨ ᠤ ᠬᠠᠶᠢᠷᠴᠠᠭ ᠲᠤ | ᠢᠯᠡᠭᠡᠨ᠎ᠡ᠃ | ︵ᠳᠥᠷᠪᠡ︶ ᠬᠢᠨᠠᠨ ᠬᠠᠷᠭᠤᠭᠤᠯᠵᠤ ᠨᠤᠲᠠᠯᠠᠬᠤ᠄ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ ᠰᠤᠷᠤᠭᠴᠢ ᠶᠢ | ᠣᠬᠤᠷ ᠮᠡᠳᠡᠭᠡ ᠪᠠᠷ ᠮᠡᠳᠡᠭᠳᠡᠨ᠎ᠡ᠃ | ᠲᠠᠪᠤ᠂ ᠪᠤᠰᠤᠳ ᠵᠦᠢᠯ ᠤᠳ | ︵ᠨᠢᠭᠡ︶ ᠪᠣᠯᠪᠠᠰᠤᠷᠠᠭᠤᠯᠤᠯ ᠤᠨ ᠵᠠᠷᠤᠳᠠᠯ᠄ ᠲᠣᠰ ᠤᠳᠠᠭᠠᠨ ᠤ ᠪᠣᠯᠪᠠᠰᠤᠷᠠᠭᠤᠯᠤᠯ ᠳᠤ ᠶᠠᠮᠠᠷ ᠴᠤ ᠵᠠᠷᠤᠳᠠᠯ | ᠬᠤᠷᠢᠶᠠᠬᠤ ᠥᠬᠡᠶ ︵ᠵᠢᠭᠠᠬᠤ ᠮᠠᠲ᠋ᠧᠷᠢᠶᠠᠯ ᠤᠨ ᠵᠠᠷᠤᠳᠠᠯ ᠢᠶᠠᠨ ᠥᠪᠡᠷ ᠢᠶᠠᠨ ᠰᠢᠢᠳᠪᠦᠷᠢᠯᠡᠨ᠎ᠡ︶︔ | ︵ᠬᠤᠶᠠᠷ︶ ᠰᠠᠬᠢᠯᠭ᠎ᠠ ᠪᠠᠲᠤ ᠶᠢᠨ ᠱᠠᠭᠠᠷᠳᠠᠯᠭ᠎ᠠ᠄ ᠪᠤᠯᠪᠠᠰᠤᠷᠠᠭᠤᠯᠤᠯ ᠳᠤ ᠣᠷᠣᠯᠴᠠᠭᠰᠠᠳ ᠰᠤᠷᠤᠯᠭ᠎ᠠ ᠶᠢᠨ | ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠵᠦ᠂ ᠤᠴᠢᠷ ᠰᠢᠯᠲᠠᠭᠠᠨ ᠥᠬᠡᠶ ᠪᠠᠷ 3 ᠤᠳᠠᠭ᠎ᠠ ᠠᠴᠠ ᠬᠡᠲᠦᠷᠡᠭᠰᠡᠨ | ᠪᠠᠶᠢᠪᠠᠯ ᠪᠤᠯᠪᠠᠰᠤᠷᠠᠭᠤᠯᠤᠯ ᠤᠨ ᠬᠢᠷᠢ ᠬᠡᠮ ᠢ ᠨᠢ ᠬᠠᠰᠤᠨ᠎ᠠ︔ | ︵ᠭᠤᠷᠪᠠ︶ ᠬᠠᠷᠢᠯᠴᠠᠬᠤ ᠬᠥᠮᠦᠨ᠄ ᠷᠧᠨ ᠵᠢᠶᠠ ᠴᠧᠩ᠂ ᠬᠠᠷᠢᠯᠴᠠᠬᠤ ᠤᠲᠠᠰᠤ᠄166474742222᠃ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ | ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠭᠡᠴᠡ︶ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠲᠣᠰ ᠵᠢᠯ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠳ ᠤᠨ ᠪᠤᠯᠪᠠᠰᠤᠷᠠᠭᠤᠯᠤᠯ ᠳᠤ ᠣᠷᠣᠯᠴᠠᠬᠤ ᠶᠢ | ᠢᠳᠡᠪᠬᠢᠲᠡᠶ ᠵᠣᠬᠢᠶᠠᠨ ᠪᠠᠶᠢᠭᠤᠯᠵᠤ᠂ ᠮᠡᠳᠡᠭᠦᠯᠪᠡᠯ ᠵᠣᠬᠢᠬᠤ ᠶᠢ ᠨᠢ ᠴᠥᠮ ᠮᠡᠳᠡᠭᠦᠯᠵᠦ᠂ ᠪᠣᠯᠪᠠᠰᠤᠷᠠᠭᠤᠯᠪᠠᠯ | ᠵᠣᠬᠢᠬᠤ ᠶᠢ ᠨᠢ ᠴᠥᠮ ᠪᠣᠯᠪᠠᠰᠤᠷᠠᠭᠤᠯᠬᠤ ᠶᠢ ᠦᠨᠡᠨᠬᠦ ᠪᠡᠶᠡᠯᠡᠭᠦᠯᠬᠦ ᠶᠢᠨ ᠬᠠᠮᠲᠤ 2025 ᠣᠨ ᠤ 4 ᠰᠠᠷ᠎ᠠ ᠶᠢᠨ | 18 ᠤ ᠡᠳᠦᠷ ᠠᠴᠠ ᠡᠮᠦᠨ᠎ᠡ ᠨᠡᠷ᠎ᠡ ᠮᠡᠳᠡᠭᠦᠯᠬᠦ ᠠᠵᠢᠯ ᠢ ᠳᠠᠭᠤᠰᠬᠠᠵᠤ᠂ ᠮᠠᠨ ᠤ ᠬᠤᠲᠠ ᠶᠢᠨ ᠨᠡᠶᠢᠭᠡᠮ ᠤᠨ | ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠲᠤᠪᠠᠷ ᠳᠥᠯᠭᠢᠨ ᠠᠬᠢᠭᠤᠯᠬᠤ | ᠬᠡᠷᠡᠭᠲᠡᠶ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ | ᠨᠡᠶᠢᠭᠡᠮ ᠤᠨ ᠠᠵᠢᠯ ᠤᠨ ᠬᠡᠯᠲᠡᠰ | 2025 ᠣᠨ ᠤ 4 ᠰᠠᠷ᠎ᠠ ᠶᠢᠨ 8 ᠤ ᠡᠳᠦᠷ | | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |