︽ᠦᠨᠡᠨᠴᠢ ᠢᠲᠡᠭᠡᠮᠵᠢ ᠶᠢ ᠢᠯᠡᠷᠡᠭᠦᠯᠵᠦ ᠲᠦᠷᠢ ᠲᠥᠷᠬᠦ ᠪᠠᠨ ᠳᠡᠯᠭᠡᠨ ᠰᠢᠨ᠎ᠡ ᠪᠠᠶᠢᠳᠠᠯ ᠢ ᠨᠡᠭᠡᠭᠡᠨ᠎ᠡ︾
ᠨᠡᠶᠢᠲᠡᠯᠡᠭᠰᠡᠨ ᠴᠠᠭ᠄
2025/4/17
           —— ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠵᠠᠬ᠎ᠠ ᠳᠡᠯᠭᠡᠭᠦᠷ ᠤᠨ ᠡᠷᠬᠡ ᠲᠡᠭᠰᠢ ᠶᠢ ᠰᠠᠬᠢᠨ ᠬᠠᠮᠠᠭᠠᠯᠠᠨ᠎ᠠ    ᠴᠤᠭᠯᠠᠭ᠎ᠠ ᠮᠠᠶᠢᠮᠠᠶ ᠶᠢᠨ ᠵᠠᠬ᠎ᠠ ᠳᠡ᠊‍ᠯᠭᠡᠭᠦᠷ ᠵᠢᠴᠢ ᠬᠡᠲᠦ ᠳᠡᠯᠭᠡᠭᠦᠷ ᠵᠡᠷᠭᠡ ᠲᠥᠪᠯᠡᠷᠡᠭᠰᠡᠨ ᠬᠤᠳᠠᠯᠳᠤᠭ᠎ᠠ ᠠᠷᠠᠯᠵᠢᠶ᠎ᠠ ᠶᠢᠨ ᠡᠵᠡᠩᠨᠡᠯᠲᠡ ᠶᠢᠨ ᠲᠠᠯᠠᠪᠤᠷ ᠤᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠬᠠᠮᠠᠭᠠᠯᠠᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ᠣᠶᠢᠷ᠎ᠠ ᠳᠤ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠲᠤᠰᠬᠠᠶ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠡᠮᠵᠢᠯᠲᠡ ᠶᠢᠨ ᠰᠲ᠋ᠣᠺ ᠵᠢᠶᠠ ᠯᠧ ᠹᠦ᠋ ᠬᠡᠲᠦ ᠳᠡᠯᠭᠡᠭᠦᠷ ᠬᠢᠭᠡᠳ ᠬᠤᠸᠠ ᠯᠢᠨ ᠬᠡᠲᠦ ᠳᠡᠯᠭᠡᠭᠦᠷ ᠲᠤ ︽ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠥᠪᠡᠷ ᠤᠨ ᠠᠮᠠᠯᠠᠯᠲᠠ ᠶᠢᠨ ᠪᠢᠴᠢᠭ︾ ᠢ ᠢᠯᠡ ᠪᠠᠷ ᠨᠡᠶᠢᠲᠡᠯᠡᠵᠦ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠢᠯᠡ ᠨᠡᠶᠢᠲᠡᠯᠡᠵᠦ᠂ ᠡᠵᠡᠩᠨᠡᠯᠲᠡ ᠶᠢᠨ ᠪᠡᠶᠡᠴᠢ ᠴᠣᠭᠴᠠ ᠶᠢ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢ ᠶᠢᠨ ᠬᠡᠮᠵᠢᠯᠲᠡ ᠬᠢᠬᠦ᠂ ᠡᠷᠬᠡ ᠲᠡᠭᠰᠢ ᠪᠠᠷ ᠠᠷᠠᠯᠵᠢᠶᠠᠯᠠᠬᠤ ᠶᠢ ᠪᠡᠶᠡᠯᠡᠭᠦᠯᠬᠦ ᠲᠠᠯ᠎ᠠ ᠪᠠᠷ ᠲᠣᠳᠣᠷᠬᠠᠶ ᠲᠤᠭᠲᠠᠭᠠᠪᠠ᠃
   ᠬᠡᠮᠵᠢᠯᠲᠡ ᠶᠢ ᠰᠢᠯᠭᠠᠨ ᠲᠣᠭᠲᠠᠭᠠᠬᠤ ᠠᠵᠢᠯᠲᠠᠨ ᠬᠡᠲᠦ ᠳᠡᠯᠭᠡᠭᠦᠷ ᠤᠨ ᠬᠡᠮᠵᠢᠯᠲᠡ ᠶᠢᠨ ᠪᠠᠭᠠᠵᠢ ᠬᠡᠷᠡᠭᠰᠡᠯ ᠳᠤ ᠲᠤᠰᠬᠠᠶ ᠪᠠᠶᠢᠴᠠᠭᠠᠯᠲᠠ ᠬᠢᠪᠡ᠃ ᠨᠢᠭᠡ ᠳᠤ᠂ ᠠᠮᠤ ᠲᠣᠰᠣᠨ ᠤ ᠣᠷᠣᠨ᠂ ᠮᠢᠬᠠᠨ ᠤ ᠣᠷᠣᠨ᠂ ᠢᠳᠡᠰᠢᠨ ᠨᠣᠭᠤᠭ᠎ᠠ ᠶᠢᠨ ᠣᠷᠣᠨ᠂ ᠤᠰᠤᠨ ᠭᠠᠷᠤᠯᠲᠠ ᠶᠢᠨ ᠣᠷᠣᠨ ᠵᠡᠷᠭᠡ ᠳᠤ ᠰᠢᠯᠭᠠᠨ ᠲᠣᠭᠲᠠᠭᠠᠯᠭᠠᠭᠰᠠᠨ ᠥᠬᠡᠶ᠂ ᠰᠢᠯᠭᠠᠨ ᠲᠣᠭᠲᠠᠭᠠᠯᠲᠠ ᠶᠢᠨ ᠦᠶᠡᠯᠡᠯ ᠤᠨ ᠬᠤᠭᠤᠴᠠᠭ᠎ᠠ ᠠᠴᠠ ᠳᠠᠪᠠᠭᠰᠠᠨ᠂ ᠰᠢᠯᠭᠠᠨ ᠲᠣᠭᠲᠠᠭᠠᠯᠲᠠ ᠳᠤ ᠬᠢᠷᠢ ᠲᠡᠩᠴᠡᠭᠰᠡᠨ ᠥᠬᠡᠶ ᠪᠤᠶᠤ ᠬᠡᠮ ᠦᠢᠯᠡᠳᠬᠦ ᠴᠢᠳᠠᠮᠵᠢ ᠲᠠᠢ ᠡᠯᠧᠺᠲᠷᠣᠨ ᠦᠨ᠎ᠡ ᠪᠤᠳᠤᠬᠤ ᠵᠢᠩᠯᠡᠭᠦᠷ ᠬᠡᠷᠡᠭᠯᠡᠭᠰᠡᠨ ᠡᠰᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃ ᠬᠤᠶᠠᠷ ᠲᠤ᠂ ᠪᠠᠷᠢᠮᠵᠢᠶᠠᠲᠤ ᠲᠤᠤᠬᠠᠶ ᠪᠠᠷ ᠬᠡᠲᠦ ᠳᠡᠯᠭᠡᠭᠦᠷ ᠤᠨ ᠡᠯᠧᠺᠲᠷᠣᠨ ᠵᠢᠩᠯᠡᠭᠦᠷ ᠲᠤ ᠬᠡᠮᠵᠢᠯᠲᠡ ᠶᠢᠨ ᠪᠠᠶᠢᠴᠠᠭᠠᠯᠲᠠ ᠬᠢᠪᠡ᠃ ᠭᠤᠷᠪᠠ ᠳᠤ᠂ ᠡᠯ᠎ᠡ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠢᠴᠢ ᠬᠡᠲᠦ ᠳᠡᠯᠭᠡᠭᠦᠷ ᠲᠤ ᠲᠤᠰᠬᠠᠶᠢᠯᠠᠨ ︽ᠲᠡᠭᠰᠢ ᠵᠢᠩᠯᠡᠭᠦᠷ︾ ᠤᠨ ᠲᠤᠰᠬᠠᠶ ᠣᠷᠣᠨ ᠭᠠᠷᠭᠠᠵᠤ᠂ ᠠᠷᠠᠳ ᠢᠷᠭᠡᠳ ᠤᠨ ᠲᠠᠸᠠᠷ ᠬᠤᠳᠠᠯᠳᠤᠨ ᠠᠪᠬᠤ ᠳᠠᠭᠠᠨ ᠣᠨᠣᠪᠴᠢᠲᠠᠶ ᠬᠦᠨᠳᠦ ᠶᠢᠨ ᠵᠢᠩ ᠤᠯᠬᠤ ᠶᠢ ᠪᠠᠲᠤᠯᠠᠵᠤ᠂ ᠬᠤᠳᠠᠯᠳᠤᠭᠠᠴᠢᠳ ᠤᠨ ᠵᠢᠩ ᠯᠠᠩ ᠳᠤᠲᠠᠭᠳᠠᠬᠤ ᠶᠢ ᠴᠢᠩᠭ᠎ᠠ ᠰᠡᠷᠭᠡᠶᠢᠯᠡᠪᠡ᠃ ᠠᠷᠠᠳ ᠤᠯᠠᠨ ᠤ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠦᠨᠡᠨᠬᠦ ᠴᠢᠩᠭᠠᠳᠬᠠᠪᠠ᠃
   ᠲᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠬᠡᠮᠵᠢᠯᠲᠡ ᠶᠢᠨ ᠪᠠᠭᠠᠵᠢ ᠬᠡᠷᠡᠭᠰᠡᠯ᠂ ᠬᠡᠮᠵᠢᠯᠲᠡ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠡᠮᠵᠢᠯᠲᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠨᠡᠨᠴᠢ ᠢᠲᠡᠭᠡᠮᠵᠢᠲᠡᠶ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠡᠷᠡᠭᠯᠡᠭᠴᠢᠳ ᠢ ᠰᠠᠨᠠᠭ᠎ᠠ ᠠᠮᠤᠷ ᠬᠡᠷᠡᠭᠯᠡᠭᠡ ᠬᠢᠯᠭᠡᠨ᠎ᠡ᠃      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ  
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3