︽ᠤᠯᠤᠰ ᠤᠨ ᠠᠮᠤᠷ ᠲᠦᠪᠰᠢᠨ  ᠬᠥᠮᠦᠨ ᠪᠦᠬᠦᠨ ᠬᠠᠷᠢᠭᠤᠴᠠᠯᠭ᠎ᠠ ᠲᠠᠢ︾
ᠨᠡᠶᠢᠲᠡᠯᠡᠭᠰᠡᠨ ᠴᠠᠭ᠄
2025/4/17
        ——  ᠮᠠᠨ ᠤ ᠬᠤᠲᠠ ᠶᠢᠨ ᠬᠢᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ    2025 ᠣᠨ ᠤ 4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠠᠶᠢᠵᠤ᠂ ᠮᠠᠨ ᠤ ᠬᠤᠳᠠ ᠶᠢᠨ ᠬᠢᠨ ᠠᠷᠠᠳ ᠤᠨ ᠴᠡᠴᠡᠷᠯᠢᠭ ᠲᠤ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠡᠨᠡ ᠵᠢᠯ ᠤᠨ ᠠᠵᠢᠯᠯᠠᠭ᠎ᠠ ᠶᠢᠨ ᠭᠤᠤᠯ ᠰᠡᠳᠦᠪ ᠪᠣᠯ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠠᠷᠪᠠᠨ ᠵᠢᠯ ᠤᠨ ᠣᠶ︾ ᠪᠣᠯᠤᠨ᠎ᠠ᠃
   ᠠᠵᠢᠯᠯᠠᠭ᠎ᠠ ᠶᠢᠨ ᠶᠣᠰᠣᠯᠠᠯ ᠳᠡᠭᠡᠷ᠎ᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠷᠢᠭᠤᠴᠠᠯᠭᠠᠲᠠᠨ ᠠᠵᠢᠯ ᠤᠨ ᠳᠠᠶᠢᠴᠢᠯᠠᠯᠲᠠ ᠬᠢᠵᠦ᠂ ᠠᠵᠢᠯᠯᠠᠭ᠎ᠠ ᠥᠷᠨᠢᠭᠦᠯᠬᠦ ᠲᠠᠯ᠎ᠠ ᠪᠠᠷ ᠱᠠᠭᠠᠷᠳᠠᠯᠭ᠎ᠠ ᠪᠠ ᠬᠦᠰᠡᠯ ᠳᠤᠷᠠᠳᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠤᠯᠠᠨ ᠲᠦᠮᠡᠨ ᠳᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠨᠠᠭᠤᠯ ᠢ ᠡᠰᠡᠷᠭᠦᠴᠡᠬᠦ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠵᠢᠴᠢ ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠡᠷᠬᠡ ᠪᠠ ᠡᠭᠦᠷᠭᠡ ᠶᠢ ᠨᠠᠷᠢᠨ ᠲᠠᠶᠢᠯᠪᠤᠷᠢᠯᠠᠪᠠ᠃
   ᠠᠵᠢᠯᠯᠠᠭ᠎ᠠ ᠶᠢᠨ ᠬᠤᠭᠤᠴᠠᠭᠠᠨ ᠳᠤ᠂ ᠴᠥᠭᠡᠨ ᠪᠤᠰᠤ ᠤᠯᠠᠨ ᠲᠦᠮᠡᠨ ᠦᠵᠡᠭᠦᠯᠦᠯᠭᠡ ᠶᠢᠨ ᠰᠠᠮᠪᠠᠷ᠎ᠠ ᠶᠢ ᠲᠣᠭᠤᠷᠢᠨ ᠦᠵᠡᠵᠦ᠂ ᠤᠬᠠᠭᠤᠯᠭ᠎ᠠ ᠶᠢᠨ ᠮᠠᠲ᠋ᠧᠷᠢᠶᠠᠯ ᠢ ᠨᠠᠷᠢᠨ ᠬᠢᠨᠠᠮᠠᠭᠠᠢ ᠤᠩᠰᠢᠬᠤ ᠶᠢᠨ ᠬᠠᠮᠲᠤ ᠥᠪᠡᠷ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠠᠵᠢᠯᠲᠠᠳ ᠠᠴᠠ ᠠᠰᠠᠭᠤᠨ ᠯᠠᠪᠯᠠᠪᠠ᠃      ᠵᠣᠬᠢᠶᠠᠭᠴᠢ᠄ ᠶᠠᠨ ᠰᠢᠶᠠ ᠹᠸᠢ  ᠭᠦᠸᠧ ᠬᠤᠶ ᠮᠢᠨ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3