| 4 ᠰᠠᠷ᠎ᠠ ᠶᠢᠨ 16 ᠤ ᠡᠳᠦᠷ᠂ ᠮᠠᠨ ᠤ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠣᠪᠴᠢᠶ᠎ᠠ ᠶᠢᠨ ᠬᠢᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠨᠡᠶᠢᠭᠡᠮ ᠲᠣᠭᠤᠷᠢᠭ ᠲᠤ | ᠣᠷᠣᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠳᠤ᠂ ᠠᠵᠢᠯᠲᠠᠳ ᠪᠣᠯᠤᠨ ᠰᠠᠶᠢᠨ ᠳᠤᠷ᠎ᠠ ᠶᠢᠨ | ᠠᠵᠢᠯᠯᠠᠭᠰᠠᠳ ᠠᠴᠠ ᠨᠠᠰᠢ ᠴᠠᠰᠢ ᠥᠩᠭᠡᠷᠡᠬᠦ ᠬᠤᠳᠠ ᠶᠢᠨ ᠠᠷᠠᠳ ᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ | ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠦᠷᠦ ᠶᠢᠨ ᠪᠤᠳᠤᠯᠭ᠎ᠠ᠂ | ᠠᠵᠢᠯᠯᠠᠭ᠎ᠠ ᠳᠤ ᠣᠷᠣᠯᠴᠠᠭᠰᠠᠨ ᠬᠤᠳᠠᠯᠳᠤᠭᠠᠴᠢᠳ ᠵᠢᠴᠢ ᠨᠥᠬᠦᠪᠥᠷᠢ ᠬᠦᠷᠳᠡᠵᠦ ᠪᠣᠯᠬᠤ ᠭᠡᠷ ᠤᠨ ᠴᠠᠬᠢᠯᠭᠠᠨ | ᠬᠡᠷᠡᠭᠰᠡᠯ ᠤᠨ ᠲᠦᠷᠦᠯ ᠵᠦᠢᠯ ᠢ ᠨᠠᠷᠢᠨ ᠲᠠᠨᠢᠯᠴᠠᠭᠤᠯᠪᠠ᠃ ᠥᠷᠭᠡᠨ ᠤᠯᠠᠨ ᠬᠤᠳᠠᠯᠳᠤᠭᠠᠴᠢᠳ ᠢᠳᠡᠪᠬᠢᠲᠡᠶ | ᠣᠷᠣᠯᠴᠠᠵᠤ᠂ ᠳᠡᠯᠭᠡᠭᠦᠷ ᠤᠨ ᠡᠭᠦᠳᠡᠨ ᠳᠤ ᠢᠯᠡ ᠲᠣᠳᠣ ᠤᠬᠠᠭᠤᠯᠭ᠎ᠠ ᠶᠢᠨ ᠵᠠᠷᠯᠠᠯ ᠨᠠᠭᠠᠵᠤ᠂ ᠳᠡᠯᠭᠡᠭᠦᠷ ᠲᠤ | ᠭᠡᠷ ᠤᠨ ᠴᠠᠬᠢᠯᠭᠠᠨ ᠬᠡᠷᠡᠭᠰᠡᠯ ᠤᠨ ︽ᠤᠯᠤᠰ ᠤᠨ ᠨᠥᠬᠦᠪᠥᠷᠢ︾ ᠶᠢᠨ ᠢᠯᠡᠷᠬᠡᠶ ᠢᠯᠡᠳᠬᠡᠮᠵᠢ ᠳᠡᠮᠳᠡᠭ ᠲᠠᠯᠪᠢᠵᠤ᠂ | ᠠᠵᠢᠯᠲᠠᠳ ᠬᠡᠷᠡᠭᠯᠡᠭᠴᠢᠳ ᠤᠨ ᠨᠥᠬᠦᠪᠥᠷᠢ ᠶᠢ ᠠᠪᠬᠤ ᠠᠷᠭ᠎ᠠ ᠶᠢ ᠬᠦᠯᠢᠴᠡᠩᠭᠦᠶ ᠪᠠᠷ ᠵᠢᠭᠠᠨ ᠵᠢᠯᠤᠭᠤᠳᠪᠠ᠃ | | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠶᠢᠨ ᠬᠢᠨ ᠦᠷᠭᠦᠯᠵᠢᠯᠡᠨ ᠣᠯᠠᠨ ᠲᠦᠮᠡᠨ ᠤ ᠪᠣᠳᠠᠲᠤ | ᠬᠡᠷᠡᠭᠯᠡᠭᠡᠨ ᠤ ᠬᠡᠷᠡᠭᠴᠡᠭᠡ ᠳᠤ ᠰᠠᠭᠤᠷᠢᠯᠠᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠬᠤᠳᠠᠯᠳᠤᠨ ᠠᠪᠬᠤ ᠳᠤ ᠰᠠᠨᠠᠭ᠎ᠠ | ᠠᠮᠤᠷ᠂ ᠬᠡᠷᠡᠭᠯᠡᠬᠦ ᠳᠤ ᠲᠠᠭᠠᠯᠠᠮᠵᠢᠲᠠᠶ᠂ ᠰᠣᠯᠢᠬᠤ ᠳᠤ ᠰᠠᠨᠠᠭ᠎ᠠ ᠠᠮᠤᠷ ᠪᠠᠶᠢᠬᠤ ᠶᠢ ᠪᠠᠲᠤᠯᠠᠵᠤ᠂ ᠰᠠᠶᠢᠨ ᠰᠠᠶᠢᠬᠠᠨ | ᠠᠮᠢᠳᠤᠷᠠᠯ ᠤᠨ ᠲᠦᠯᠦᠭᠡ ᠰᠢᠨ᠎ᠡ ᠬᠡᠷᠡᠭᠰᠡᠯ ᠢᠶᠠᠷ ᠠᠮᠢᠳᠤᠷᠠᠯ ᠤᠨ ᠴᠢᠨᠠᠷ ᠢ ᠳᠡᠭᠡᠭᠰᠢᠯᠡᠭᠦᠯᠦᠨ᠎ᠡ᠃ | | | ᠵᠣᠬᠢᠶᠠᠭᠴᠢ᠄ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |