ᠣᠯᠠᠨ ᠰᠠᠯᠠᠭ᠎ᠠ ᠮᠥᠴᠢᠷ ᠤᠨ ᠬᠢᠨ ᠬᠠᠮᠲᠤᠷᠠᠨ ᠪᠠᠶᠢᠴᠠᠭᠠᠵᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠬᠢᠭᠡᠳ ᠦᠢᠯᠡᠴᠢᠯᠡᠭᠡᠨ ᠤ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠪᠠ
ᠨᠡᠶᠢᠲᠡᠯᠡᠭᠰᠡᠨ ᠴᠠᠭ᠄
2025/4/18
   ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠪᠠ ᠹᠧᠩᠵᠧᠨ ᠬᠤᠳᠠ ᠶᠢᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠠᠷᠢᠶ᠎ᠠ ᠣᠷᠣᠨ ᠤ ᠪᠠᠨ ᠪᠣᠶ ᠪᠥᠬᠦᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠠᠶᠤᠯᠭᠦᠶ ᠦᠢᠯᠡᠳᠪᠦᠷᠢᠯᠡᠯ ᠤᠨ ᠬᠠᠮᠲᠤᠷᠠᠭᠰᠠᠨ ᠶᠡᠭᠡ ᠪᠠᠶᠢᠴᠠᠭᠠᠯᠲᠠ ᠬᠢᠪᠠ᠃

   ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠹᠧᠩᠵᠧᠨ ᠬᠤᠲᠠ ᠶᠢᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠲᠥᠪ᠂ ᠰᠢ ᠶᠠᠩ ᠬᠤᠩ ᠨᠠᠰᠤᠲᠠᠨ ᠢ ᠠᠰᠠᠷᠠᠬᠤ ᠬᠦᠷᠢᠶᠡᠯᠡᠩ᠂ ᠺᠠᠩ ᠱᠸᠦ ᠶᠤᠸᠠᠨ

ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠢ ᠰᠢᠨ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠨᠠᠰᠤᠵᠢᠯ ᠤᠨ

ᠠᠰᠠᠷᠠᠮᠵᠢ ᠶᠢᠨ ᠪᠠᠶᠢᠭᠤᠯᠤᠮᠵᠢ ᠳᠤ ᠭᠦᠨᠵᠡᠭᠡᠶᠢᠷᠡᠵᠦ᠂ ᠣᠷᠣᠨ ᠰᠠᠭᠤᠴᠠ ᠶᠢᠨ ᠠᠮᠤᠷ ᠲᠦᠪᠰᠢᠨ᠂ ᠢᠳᠡᠭᠡᠨ ᠤ

ᠠᠮᠤᠷ ᠲᠦᠪᠰᠢᠨ᠂ ᠡᠮ ᠤᠨ ᠵᠦᠢᠯ ᠤᠨ ᠬᠠᠮᠢᠶᠠᠷᠤᠯᠲᠠ᠂ ᠡᠳᠦᠷ ᠲᠤᠲᠤᠮ ᠤᠨ ᠡᠮᠴᠢᠯᠡᠭᠡᠨ ᠤ ᠰᠤᠪᠢᠯᠠᠯᠲᠠ᠂ ᠭᠠᠯ

ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ ᠬᠢᠭᠡᠳ ᠪᠦᠷᠢᠨ ᠪᠦᠲᠦᠨ ᠪᠠᠶᠢᠬᠤ ᠪᠠᠶᠢᠳᠠᠯ᠂ ᠲᠠᠷᠬᠠᠭᠠᠬᠤ ᠵᠠᠮ

ᠰᠠᠭᠠᠳ ᠥᠬᠡᠶ ᠪᠠᠶᠢᠬᠤ ᠡᠰᠡᠬᠦ ᠵᠡᠷᠭᠡ ᠣᠯᠠᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠤ ᠭᠤᠤᠯᠳᠠᠯᠭ᠎ᠠ ᠲᠠᠢ ᠨᠠᠷᠢᠨ

ᠨᠢᠮᠪᠠᠶ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ

ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ

ᠳᠡᠶᠢᠯᠬᠦ ᠶᠢ ᠨᠢ ᠲᠡᠷᠡ ᠳᠠᠷᠤᠶ ᠳᠤᠨᠢ ᠬᠡᠷᠡᠭᠵᠢᠭᠦᠯᠵᠦ᠂ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ

ᠳᠡᠶᠢᠯᠬᠦ ᠥᠬᠡᠶ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠳᠠᠯᠳᠠ ᠪᠠᠶᠢᠭ᠎ᠠ ᠠᠮᠤᠷ

ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠪᠠ᠃

   ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠨᠢ ᠮᠠᠨ ᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂

ᠳᠠᠯᠳᠠ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠪᠠᠷ ᠵᠢᠭᠰᠠᠭᠠᠨ ᠪᠠᠶᠢᠴᠠᠭᠠᠪᠠ᠃

ᠲᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠢᠨᠠᠨ

ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ

ᠬᠠᠮᠲᠤᠷᠠᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠪᠲᠠᠨ ᠪᠠᠶᠢᠴᠠᠭᠠᠯᠲᠠ ᠬᠢᠵᠦ᠂ ᠡᠯ᠎ᠡ ᠨᠠᠰᠤᠵᠢᠯ ᠤᠨ

ᠠᠰᠠᠷᠠᠮᠵᠢ ᠶᠢᠨ ᠪᠠᠶᠢᠭᠤᠯᠤᠮᠵᠢ ᠶᠢᠨ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ

ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠵᠤ᠂ ᠨᠠᠰᠤᠲᠠᠶᠢᠴᠤᠳ ᠲᠤ ᠨᠢᠭᠡᠨ ᠴᠢᠨᠠᠷ ᠰᠠᠶᠢᠲᠠᠶ᠂

ᠠᠮᠤᠷ ᠲᠦᠪᠰᠢᠨ ᠨᠠᠰᠤᠵᠢᠯ ᠤᠨ ᠠᠰᠠᠷᠠᠮᠵᠢ ᠶᠢᠨ ᠣᠷᠴᠢᠨ ᠨᠥᠬᠦᠴᠡᠯ ᠢ ᠬᠠᠩᠭᠠᠵᠤ ᠦᠭᠭᠦᠨ᠎ᠡ᠃

        ᠤᠷᠴᠢᠭᠤᠯᠤᠭᠴᠢ᠄ ᠬᠠᠨ ᠰᠢᠶᠤᠤ ᠿᠦᠩ

        ᠬᠢᠨᠠᠭᠴᠢ᠄ ᠼᠦᠢ ᠶᠢᠩ

 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3