ᠯᠢ ᠶᠢᠩ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠶᠢᠨ ᠬᠠᠮᠲᠤ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2025/4/2
  3 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠣᠶ ᠰᠢᠭᠤᠶ ᠶᠢ ᠲᠣᠭᠤᠷᠢᠨ ᠪᠠᠶᠢᠴᠠᠭᠠᠪᠠ᠃ ᠬᠤᠳᠠ ᠶᠢᠨ ᠤᠳᠤᠷᠢᠳᠤᠯᠭ᠎ᠠ ᠸᠧᠢ ᠭᠦᠸᠧ ᠴᠦᠨ᠂ ᠵᠠᠩ ᠰᠢᠨ᠂ ᠹᠦ᠋ ᠵᠢᠶᠠᠩ ᠲᠢᠩ᠂ ᠵᠧᠦ ᠵᠢᠶᠠᠨ ᠫᠢᠩ ᠨᠡᠷ ᠤᠷᠤᠯᠴᠠᠪᠠ᠃
   ᠯᠢ ᠶᠢᠩ ᠤᠷᠢᠳ ᠬᠤᠵᠢᠳ ᠬᠤᠳᠠ ᠶᠢᠨ ᠴᠠᠭ ᠠᠭᠤᠷ ᠤᠨ ᠲᠤᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ᠂ ᠹᠦ᠋ ᠬᠤᠸᠠ ᠺᠣᠮᠫᠠᠨᠢ᠂ ᠬᠤᠩᠱᠠᠨ ᠤᠢ ᠰᠢᠭᠤᠢ ᠶᠢᠨ ᠲᠠᠯᠠᠪᠠᠢ ᠵᠡᠷᠭᠡ ᠭᠠᠵᠠᠷ ᠲᠤ ᠬᠦᠷᠴᠦ᠂ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠃
   ᠯᠢ ᠶᠢᠩ᠄ ᠴᠠᠭ ᠠᠭᠤᠷ ᠤᠨ ᠲᠤᠪᠴᠢᠶ᠎ᠠ ᠶᠢᠨ ᠬᠢᠨ ᠴᠠᠭ ᠠᠭᠤᠷ ᠤᠨ ︽ᠡᠮᠦᠨ᠎ᠡ ᠬᠠᠷᠠᠭᠤᠯ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠭᠠᠮᠰᠢᠭᠲᠤ ᠴᠠᠭ ᠠᠭᠤᠷ ᠢ ᠤᠨᠢᠨ ᠳᠡᠭᠡᠷ᠎ᠡ ᠨᠢ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠭᠠᠬᠤ ᠶᠢᠨ ᠵᠢᠯᠣᠭᠤᠳᠬᠤ ᠲᠥᠪ ᠤᠨ ᠬᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠭᠠᠮᠰᠢᠭ ᠤᠨ ᠲᠥᠷᠥᠯ ᠵᠦᠢᠯ᠂ ᠪᠥᠬᠦ ᠬᠡᠯᠬᠢᠶᠡᠰᠦ ᠶᠢᠨ ᠪᠠᠴᠢᠮ ᠪᠠᠶᠢᠳᠠᠯ ᠢ ᠠᠷᠭᠠᠴᠠᠭᠠᠬᠤ ᠶᠢᠨ ᠳᠠᠭᠠᠬᠤ ᠴᠢᠳᠠᠪᠤᠷᠢ ᠶᠢ ᠴᠢᠩᠭᠠᠷᠠᠭᠤᠯᠤᠨ᠂ ᠭᠡᠨᠡᠳᠲᠡ ᠶᠢᠨ ᠬᠡᠷᠡᠭ ᠢ ︽ᠡᠷᠲᠡ ᠢᠯᠡᠷᠡᠭᠦᠯᠵᠦ᠂ ᠲᠦᠷᠭᠡᠨ ᠰᠢᠢᠳᠪᠦᠷᠢᠯᠡᠬᠦ︾ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ︽ᠤᠯᠠᠭᠠᠨ ᠱᠤᠭᠤᠮ︾ ᠢ ᠦᠨᠡᠨᠬᠦ ᠪᠠᠲᠤ ᠰᠠᠬᠢᠬᠤ ᠬᠡᠷᠡᠭᠲᠡᠢ︔ ᠬᠠᠩᠰᠢ ᠶᠢᠨ ᠠᠮᠠᠷᠠᠯᠲᠠ ᠶᠢᠨ ᠬᠤᠭᠤᠴᠠᠭ᠎ᠠ ᠣᠶᠢᠷᠠᠳᠴᠤ ᠪᠠᠶᠢᠭ᠎ᠠ ᠨᠢ ᠶᠠᠭ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠭ᠎ᠠ ᠪᠣᠯᠬᠤᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠪᠠᠬᠢᠵᠢᠭᠦᠯᠵᠦ᠂ ᠭᠠᠯ ᠰᠡᠷᠭᠡᠶᠢᠯᠡᠬᠦ ᠪᠠ ᠭᠠᠯ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
   ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠬᠤᠳᠠ ᠶᠢᠨ ᠶᠡᠷᠦᠩᠬᠡᠢ ᠤᠢ ᠰᠢᠭᠤᠢ ᠶᠢᠨ ᠳᠠᠷᠤᠭ᠎ᠠ ᠯᠢ ᠶᠢᠩ᠂ ᠳᠡᠳ᠋ ᠶᠡᠷᠦᠩᠬᠡᠢ ᠤᠢ ᠰᠢᠭᠤᠢ ᠶᠢᠨ ᠳᠠᠷᠤᠭ᠎ᠠ ᠸᠧᠢ ᠭᠦᠸᠧ ᠴᠦᠨ ᠨᠢᠭᠡᠳᠦᠭᠡᠷ ᠤᠯᠠᠷᠢᠯ ᠤᠨ ᠤᠢ ᠰᠢᠭᠤᠢ ᠶᠢ ᠲᠣᠭᠤᠷᠢᠨ ᠪᠠᠶᠢᠴᠠᠭᠠᠬᠤ ᠠᠵᠢᠯ ᠢ ᠦᠷᠨᠢᠭᠦᠯᠪᠡ᠃ ᠯᠢ ᠶᠢᠩ ᠪᠠᠰᠠ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠪᠣᠯᠤᠨ ᠠᠮᠢ ᠠᠬᠤᠢ ᠶᠢᠨ ᠰᠡᠷᠭᠦᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠢᠶᠠᠷᠴᠤ ᠬᠠᠮᠠᠭᠠᠯᠠᠬᠤ ᠶᠢ ᠵᠡᠷᠭᠡᠪᠡᠷ ᠠᠳᠬᠤᠬᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠭᠠᠯ ᠢ ᠰᠡᠷᠭᠡᠶᠢᠯᠡᠵᠦ ᠨᠣᠭᠤᠭᠠᠷᠠᠭᠤᠯᠤᠯᠲᠠ ᠶᠢ ᠬᠠᠮᠠᠭᠠᠯᠠᠬᠤ ︽ᠬᠤᠣᠰ ᠠᠮᠵᠢᠯᠲᠠ︾ ᠶᠢ ᠪᠡᠶᠡᠯᠡᠬᠦᠯᠦᠬᠡᠷᠡᠢ ᠭᠡᠪᠡ᠃    ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ    ᠨᠠᠶᠢᠷᠠᠭᠤᠯᠤᠭᠴᠢ᠄ ᠯᠢ ᠰᠧ ᠬᠤᠢ    ᠬᠢᠨᠠᠨ ᠬᠠᠷᠭᠤᠭᠤᠯᠤᠭᠴᠢ᠄ ᠶᠠᠨ ᠬᠤᠸᠠᠢ ᡁᠢ    ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ    ᠤᠷᠴᠢᠭᠤᠯᠤᠭᠴᠢ᠄ ᠬᠠᠨ ᠰᠢᠶᠤᠤ ᠿᠦᠩ    ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3