| 4 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠥᠪ | ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠶᠢᠨ ᠰᠤᠷᠤᠭᠴᠢᠳ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ | ᠰᠤᠷᠭᠠᠭᠤᠯᠢ ᠳᠤ ᠲᠥᠪᠯᠡᠷᠡᠭᠦᠯᠦᠨ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠶ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ | ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠨᠡᠷ ᠨᠣᠮ ᠤᠩᠰᠢᠬᠤ | ᠠᠩᠭᠢ ᠶᠢᠨ ᠰᠤᠷᠤᠯᠴᠠᠯᠭ᠎ᠠ ᠳᠤ ᠣᠷᠣᠯᠴᠠᠪᠠ᠃ ᠯᠢ ᠶᠢᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃ | | ᠨᠣᠮ ᠤᠩᠰᠢᠬᠤ ᠠᠩᠭᠢ ᠳᠤ ᠯᠢ ᠶᠢᠩ᠂ ᠯᠢ ᠱᠦ ᠸᠧᠶ᠂ ᠵᠠᠩ ᠬᠤᠩ ᠪᠤᠯᠤᠨ ᠵᠠᠩ ᠵᠢᠶᠦ᠋ᠨ ᠨᠠᠷ ︽ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾᠂ | ︽ᠠᠵᠢᠯ ᠤᠨ ᠰᠤᠷᠲᠠᠯ ᠢ ᠰᠠᠶᠢᠵᠢᠷᠠᠭᠤᠯᠬᠤ᠂ᠣᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠶ ᠨᠠᠢᠮᠠᠨ ᠲᠣᠭᠲᠠᠭᠠᠯ︾᠂ | ︽ᠲᠥᠪ ᠤᠨ ᠨᠠᠢᠮᠠᠨ ᠲᠣᠭᠲᠠᠭᠠᠯ ᠢ ᠬᠡᠷᠡᠭᠵᠢᠭᠦᠯᠬᠦ ᠨᠠᠷᠢᠨ ᠲᠦᠷᠢᠮ︾ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ | ᠲᠣᠭᠤᠷᠢᠨ ᠳᠤ ᠲᠠᠰ ᠳᠠᠷᠠᠭᠠᠯᠠᠨ ᠳᠠᠭᠠᠭᠤᠯᠤᠨ ᠰᠤᠷᠤᠯᠴᠠᠪᠠ᠃ | | ᠯᠢ ᠶᠢᠩ᠄ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ᠂ ᠦᠵᠡᠯ ᠰᠠᠨᠠᠭᠠᠨ ᠤ ᠤᠬᠠᠮᠰᠠᠷ ᠢᠶᠠᠨ | ᠳᠡᠭᠡᠭᠰᠢᠯᠡᠭᠦᠯᠬᠦ ᠶᠢ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠰᠤᠷᠤᠯᠴᠠᠯᠭ᠎ᠠ ᠬᠥᠮᠦᠵᠢᠯ ᠢᠶᠠᠷ ᠨᠠᠮᠴᠢ ᠴᠢᠨᠠᠷ ᠢ | ᠪᠠᠲᠤᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ | ᠠᠵᠢᠯᠯᠠᠭ᠎ᠠ ᠳᠠᠭᠠᠨ ᠰᠢᠩᠭᠡᠭᠡᠬᠦ ᠶᠢ ᠠᠬᠢᠭᠤᠯᠬᠤ ᠬᠡᠷᠡᠭᠲᠡᠢ︔ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠠᠷ ᠢᠯᠡ ᠲᠣᠳᠣ ᠤᠳᠤᠷᠢᠳᠤᠮᠵᠢ ᠪᠣᠯᠭᠠᠵᠤ᠂ | ᠰᠤᠷᠤᠯᠴᠠᠯᠭ᠎ᠠ ᠬᠥᠮᠦᠵᠢᠯ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠬᠤᠶᠠᠷ ᠢ ᠰᠠᠭᠠᠲᠠᠭᠠᠬᠤ | ᠦᠭᠡᠢ︾᠂ ︽ᠬᠤᠶᠠᠷ ᠢ ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠢ︔ ᠤᠯᠠᠨ ᠲᠦᠮᠡᠨ ᠲᠠᠢ ᠰᠡᠳᠬᠢᠯ ᠵᠢᠷᠦᠬᠡ ᠪᠠᠨ | ᠬᠤᠯᠪᠣᠬᠤ᠂ ᠠᠷᠠᠳ ᠲᠦᠮᠡᠨ ᠳᠤ ᠢᠯᠡᠭᠦᠬᠡᠨ ᠪᠤᠶᠠᠨ ᠦᠢᠯᠡᠳᠬᠦ ᠶᠢ ᠬᠠᠮᠤᠭ ᠤᠨ ᠶᠡᠭᠡ ᠠᠵᠢᠯ ᠤᠨ ᠪᠦᠲᠦᠮᠵᠢ | ᠪᠣᠯᠭᠠᠵᠤ᠂ ᠵᠠᠬᠢᠳᠠᠯ ᠰᠤᠷᠪᠤᠯᠵᠢᠯᠠᠭ᠎ᠠ᠂ 12345 ᠬᠠᠯᠠᠮᠰᠢᠯ ᠤᠲᠠᠰᠤ ᠵᠡᠷᠭᠡ ᠠᠷᠭ᠎ᠠ ᠵᠠᠮ ᠤᠨ ᠲᠤᠰᠬᠠᠯ ᠴᠢᠩᠭ᠎ᠠ | ᠠᠰᠠᠭᠤᠳᠠᠯ ᠢ ᠴᠢᠩᠭ᠎ᠠ ᠠᠩᠬᠠᠷᠴᠤ᠂ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠡᠷᠢᠵᠦ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠤᠯᠠᠨ ᠲᠦᠮᠡᠨ᠂ ᠠᠵᠤ ᠠᠬᠤᠶᠢᠯᠠᠯ ᠪᠣᠯᠤᠨ | ᠦᠨᠳᠦᠰᠦᠨ ᠱᠠᠲᠤᠨ ᠳᠤ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠮᠡᠳᠡᠷᠡᠭᠦᠯᠬᠦ ᠬᠡᠷᠡᠭᠲᠡᠢ︔ | ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ | ᠪᠠᠲᠤ ᠰᠠᠬᠢᠬᠤ ᠪᠠᠷ ᠣᠷᠣᠰᠢᠨ ᠲᠣᠭᠲᠠᠨᠢᠬᠤ ᠶᠢᠨ ᠦᠨᠳᠦᠰᠦ ᠪᠣᠯᠭᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ | ᠵᠢᠴᠢ ᠢᠵᠢ ᠪᠦᠷᠢᠳᠦᠭᠰᠡᠨ ᠲᠣᠭᠲᠠᠭᠠᠯ ᠢ ᠴᠢᠩᠭ᠎ᠠ ᠰᠠᠬᠢᠵᠤ᠂ ᠨᠠᠮ ᠳᠠᠭᠠᠨ ᠦᠨᠡᠨᠴᠢ ᠪᠠᠶᠢᠬᠤ᠂ ᠨᠠᠮ ᠤᠨ ᠲᠥᠯᠥᠭᠡ | ᠰᠠᠨᠠᠭᠠᠰᠢᠷᠠᠬᠤ᠂ ᠨᠠᠮ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ ᠪᠤᠶᠠᠨ | ᠦᠢᠯᠡᠳᠬᠦ ᠶᠢ ᠤᠯᠤᠰ ᠲᠦᠷᠦ ᠶᠢᠨ ᠦᠨᠳᠦᠰᠦᠨ ᠡᠭᠦᠷᠭᠡᠯᠡᠯ ᠪᠣᠯᠭᠠᠵᠤ᠂ ᠭᠠᠷ ᠲᠠᠬᠢ ᠡᠷᠬᠡ ᠳᠡᠭᠡᠨ ᠢᠮᠠᠭᠲᠠ ᠵᠥᠪ | ᠬᠠᠨᠳᠤᠵᠤ᠂ ᠠᠵᠢᠯᠴᠢ ᠠᠷᠪᠢᠴᠢ ᠪᠣᠷᠣᠭᠵᠢᠭᠤᠨ ᠠᠮᠢᠳᠤᠷᠠᠯ ᠤᠨ ᠰᠤᠷᠲᠠᠯ ᠢ ᠢᠮᠠᠭᠲᠠ ᠪᠠᠷᠢᠮᠲᠠᠯᠠᠵᠤ᠂ ᠢᠳᠡᠪᠬᠢᠲᠡᠢ | ᠥᠭᠡᠳᠡᠷᠬᠡᠭ ᠠᠮᠢᠳᠤᠷᠠᠯ ᠤᠨ ᠳᠤᠷ᠎ᠠ ᠰᠣᠨᠢᠷᠬᠠᠯ ᠲᠠᠢ ᠪᠠᠶᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ | ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠪᠡ᠃ | | | | | ᠵᠣᠬᠢᠶᠠᠭᠴᠢ᠄ ᠰᠢᠤᠸᠠᠨ ᠶᠠᠨ ᠸᠠᠩ ᠨᠢᠩ ᠪᠦᠸᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |