| 4 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠬᠢᠨ ᠲᠥᠪ | ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠨᠣᠮ ᠤᠩᠰᠢᠬᠤ ᠠᠩᠭᠢ ᠶᠢᠨ ᠬᠢᠨ ᠲᠤᠰᠬᠠᠶ ᠰᠡᠳᠦᠪᠲᠦ ᠲᠠᠶᠢᠯᠤᠮᠵᠢ ᠬᠢᠪᠠ᠃ ᠬᠤᠲᠠ ᠶᠢᠨ | ᠨᠠᠮ ᠤᠨ ᠬᠤᠷᠢᠶᠠᠨ ᠤ ᠱᠦᠵᠢ ᠯᠢ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠶ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠨᠡᠷ ᠤᠷᠤᠯᠴᠠᠪᠠ᠃ ᠨᠣᠮ ᠤᠩᠰᠢᠬᠤ | ᠠᠩᠬᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ | ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠵᠠᠩ ᠵᠢᠩ ᠫᠷᠤᠹᠧᠰᠰᠤᠷ ᠢ ᠲᠤᠰᠬᠠᠶᠢᠯᠠᠨ ᠤᠷᠢᠵᠤ ᠲᠤᠰᠬᠠᠢ | ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠯᠭᠡᠪᠡ᠃ | | ︽ᠰᠤᠷᠭᠠᠭᠤᠯᠢ ᠶᠢᠨ ᠠᠩᠭᠢ ᠳᠤ᠂ ᠵᠠᠩ ᠵᠢᠩ ᠫᠷᠤᠹᠧᠰᠰᠤᠷ ︽ᠲᠥᠪ ᠬᠤᠷᠢᠶᠠᠨ ᠤ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠥᠬᠦᠷᠡᠯ ᠦᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠨᠠᠮ ᠤᠨ ᠰᠤᠷᠲᠠᠯ ᠤᠨ | ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠶ᠎ᠠ︾ ᠭᠡᠰᠡᠨ ᠰᠡᠳᠦᠪ ᠢᠶᠠᠷ᠂ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠵᠡᠷᠭᠡ | ᠭᠤᠷᠪᠠᠨ ᠲᠠᠯ᠎ᠠ ᠠᠴᠠ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠪᠥᠭᠡᠳ | ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠪᠡ᠃ | | ᠯᠢ ᠶᠢᠩ ᠶᠠᠷᠢᠶᠠᠨ ᠳᠠᠭᠠᠨ᠄ ᠡᠨᠡ ᠤᠳᠠᠭ᠎ᠠ ᠪᠦᠬᠦ ᠨᠠᠮ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠨᠡᠶᠢᠭᠡᠮ ᠵᠢᠷᠤᠮ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠴᠢᠬᠤᠯᠠ ᠡᠭᠦᠷᠭᠡ ᠤᠴᠢᠷ ᠠᠴᠠ ᠤᠯᠤᠰ | ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ︔ | ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠶᠢ ᠪᠠᠷᠢᠮᠲᠠᠯᠠᠵᠤ᠂ ᠰᠤᠷᠤᠯᠴᠠᠵᠥ ᠣᠶᠢᠯᠠᠭᠠᠵᠤ ᠨᠡᠪᠲᠡᠷᠡᠲᠡᠯ᠎ᠡ | ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ | ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠠᠰᠠᠭᠤᠳᠠᠯ ᠢ ᠡᠷᠢᠵᠦ᠂ | ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠥᠷᠭᠡᠨ | ᠤᠯᠠᠨ ᠨᠠᠮ ᠤᠨ ᠭᠡᠰᠢᠭᠦᠨ ᠺᠠᠳ᠋ᠷᠴᠤᠳ ᠲᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ︔ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠬᠥᠮᠦᠵᠢᠯ ᠢ ᠣᠳᠣᠬᠠᠨ ᠤ ᠨᠢᠭᠡᠨ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠤᠯᠴᠠᠯᠭ᠎ᠠ | ᠬᠥᠮᠦᠵᠢᠯ ᠳᠤ ᠬᠦᠴᠦᠲᠡᠢ ᠪᠠᠲᠤᠯᠠᠭ᠎ᠠ ᠬᠠᠩᠭᠠᠬᠤ ᠶᠢᠨ ᠬᠠᠮᠲᠤ ᠵᠥᠪ ᠲᠠᠯ᠎ᠠ ᠶᠢᠨ ᠤᠬᠠᠭᠤᠯᠭ᠎ᠠ ᠶᠢ ᠬᠦᠳᠦᠯᠦᠨ | ᠵᠢᠯᠣᠭᠤᠳᠬᠤ ᠪᠠ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ | ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠰᠤᠷᠭᠠᠮᠵᠢ | ᠠᠪᠴᠤ᠂ ᠡᠭᠦᠨ ᠢᠶᠠᠷ ᠴᠡᠭᠡᠷᠯᠡᠯ ᠪᠣᠯᠭᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠤᠬᠠᠮᠰᠠᠷ ᠠᠴᠠ ᠪᠠᠨ ᠵᠢᠷᠤᠮᠯᠠᠨ ᠰᠠᠬᠢᠬᠤ ᠴᠢᠬᠤᠯᠠᠳᠠᠢ ᠭᠡᠪᠡ᠃ | | | ᠵᠣᠬᠢᠶᠠᠭᠴᠢ᠄ ᠴᠧᠨ ᠸᠧᠨ ᠵᠢᠶᠧ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |