| 4 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠬᠢᠨ 2025 ᠣᠨ ᠤ ᠵᠢᠷᠭᠤᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠰᠤᠳᠤᠯᠤᠨ | ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠶ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ | ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠨᠡᠷ ᠰᠤᠷᠤᠯᠴᠠᠵᠤ | ᠰᠤᠳᠤᠯᠤᠨ ᠶᠠᠷᠢᠯᠴᠠᠬᠤ ᠳᠤ ᠤᠷᠤᠯᠴᠠᠨ᠂ ᠯᠢ ᠶᠢᠩ ᠬᠤᠷᠠᠯ ᠢ ᠡᠷᠬᠢᠯᠡᠪᠡ᠃ | | ᠬᠤᠷᠠᠯ ᠠᠴᠠ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠡᠯ᠎ᠡ ᠪᠦᠷᠢᠯᠳᠦᠬᠦᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ᠂ ᠶᠡᠷᠦᠩᠬᠡᠢ ᠴᠣᠭᠴᠠ ᠶᠢᠨ ᠤᠯᠤᠰ ᠤᠨ | ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠬᠤ ᠶᠢᠨ ᠲᠣᠭᠤᠷᠢᠨ ᠳᠤ ᠪᠢᠴᠢᠭ ᠤᠨ ᠬᠡᠯᠪᠡᠷᠢ ᠪᠠᠷ | ᠰᠤᠷᠤᠯᠴᠠᠪᠠ︔ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠴᠧᠨ ᠪᠥᠸᠧ ᠯᠢᠨ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ | ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠲᠤᠬᠠᠶ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠤᠯᠠᠮᠵᠢᠯᠠᠨ | ᠰᠤᠷᠤᠯᠴᠠᠪᠠ︔ ᠯᠢ ᠶᠢᠩ᠂ ᠯᠢ ᠱᠦ ᠸᠧᠢ᠂ ᠵᠠᠩ ᠬᠤᠩ᠂ ᠵᠠᠩ ᠵᠢᠶᠦ᠋ᠨ᠂ ᠶᠠᠩ ᠯᠠᠢ ᠴᠢᠤᠸᠠᠨ᠂ ᠫᠠᠩ ᠴᠤᠤ | ᠲᠤᠰ ᠲᠤᠰ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ᠂ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠠᠭᠠᠵᠤ᠂ ᠪᠤᠰᠤᠳ | ᠤᠳᠤᠷᠢᠳᠬᠤ ᠨᠥᠬᠦᠳ ᠪᠢᠴᠢᠭ ᠤᠨ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠳᠡᠪᠰᠢᠭᠦᠯᠪᠡ᠃ | | ᠯᠢ ᠶᠢᠩ ᠰᠤᠳᠤᠯᠤᠨ ᠶᠠᠷᠢᠯᠴᠠᠬᠤ ᠶᠠᠷᠢᠶᠠᠨ ᠳᠠᠭᠠᠨ᠄ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠳᠤ | ᠲᠦᠷᠪᠡᠨ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠬᠦ ᠴᠢᠬᠤᠯᠠᠳᠠᠢ ᠪᠠᠶᠢᠵᠤ᠂ ᠰᠤᠷᠤᠯᠴᠠᠬᠤ ᠶᠢ ᠲᠡᠷᠢᠭᠦᠨ ᠳᠤ | ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠳᠤᠮᠳᠠ ᠠᠴᠠ ᠰᠢᠮ᠎ᠡ ᠲᠡᠵᠢᠭᠡᠯ | ᠬᠦᠷᠳᠡᠵᠤ᠂ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ︔ ᠠᠵᠢᠯᠯᠠᠬᠤ ᠪᠠᠷ ᠭᠤᠣᠯ ᠪᠣᠯᠭᠠᠵᠤ᠂ ︽ᠬᠠᠳᠠᠭᠠᠰᠤ | ᠬᠠᠳᠠᠬᠤ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠴᠠᠭᠳᠠᠨ ᠪᠠᠶᠢᠴᠠᠭᠠᠬᠤ ᠬᠠᠮᠢᠶ᠎ᠠ ᠪᠦᠬᠦᠢ ᠠᠵᠢᠯ ᠵᠢᠴᠢ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠡᠭᠦᠷᠭᠡ ᠶᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ | ᠭᠦᠨᠵᠡᠭᠡᠢ ᠥᠷᠨᠢᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ︔ ᠬᠥᠮᠦᠨ ᠢᠶᠠᠷ ᠦᠨᠳᠦᠰᠦ ᠪᠣᠯᠭᠠᠵᠤ᠂ ᠨᠠᠮ ᠪᠠ | ᠤᠯᠠᠨ ᠲᠦᠮᠡᠨ ᠺᠠᠳ᠋ᠷ ᠪᠠ ᠤᠯᠠᠨ ᠲᠦᠮᠡᠨ ᠤ ᠠᠵᠢᠯ ᠢ ᠨᠢᠭᠲᠠᠷᠠᠭᠤᠯᠵᠤ᠂ ︽ᠲᠦᠷᠪᠡᠨ ᠰᠤᠷᠲᠠᠯ︾ ᠢ | ᠦᠷᠭᠦᠯᠵᠢᠯᠡᠨ ᠵᠠᠯᠠᠷᠠᠭᠤᠯᠤᠨ ᠵᠠᠰᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠣᠯᠤᠨ ᠰᠤᠷᠲᠠᠯ ᠤᠨ | ᠠᠰᠠᠭᠤᠳᠠᠯ ᠢ ᠴᠡᠭᠴᠡᠯᠡᠨ ᠵᠠᠰᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ | ᠪᠦᠲᠦᠮᠵᠢ ᠶᠢ ᠬᠡᠮᠵᠢᠬᠦ ᠬᠡᠷᠡᠭᠲᠡᠢ︔ ᠪᠡᠶ᠎ᠡ ᠪᠠᠷ ᠢᠶᠠᠨ ᠬᠡᠪ ᠲᠦᠷᠢᠮ ᠪᠤᠯᠵᠤ᠂ ︽ᠲᠦᠷᠦᠭᠦᠴᠢ ᠭᠠᠯᠠᠭᠤ ᠶᠢᠨ | ᠦᠢᠯᠡᠳᠦᠯ︾ ᠢ ᠪᠦᠷᠢᠯᠳᠦᠭᠦᠯᠵᠦ᠂ ︽160 ᠵᠤᠷᠪᠤᠰ ᠠᠵᠢᠯ ᠤᠨ ᠰᠠᠨᠠᠭᠤᠯᠤᠮᠵᠢ︾ ᠶᠢ ᠲᠦᠷᠦᠭᠦᠯᠡᠨ ᠴᠢᠩᠭ᠎ᠠ | ᠰᠠᠬᠢᠵᠤ᠂ ᠥᠪᠡᠷ ᠤᠨ ᠪᠡᠶ᠎ᠡ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠠᠨ ᠰᠠᠶᠢᠲᠤᠷ ᠬᠠᠮᠢᠶᠠᠷᠴᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠤᠰᠬᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃ | | | ᠵᠣᠬᠢᠶᠠᠭᠴᠢ᠄ ᠶᠠᠨ ᠰᠢᠶᠠ ᠹᠸᠢ ᠰᠢᠩ ᠶᠦᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |