| —— ᠯᠢᠤᠢ ᠺᠠᠩ ᠶᠤᠸᠠᠨ ᠤ ᠭᠡᠷ ᠪᠦᠯᠢ ᠶᠢᠨ ᠲᠠᠷᠢᠶᠠᠨ ᠭᠠᠵᠠᠷ ᠤᠨ ᠲᠦᠯᠦᠪᠯᠡᠭᠡ ᠨᠢ ᠬᠥᠳᠡᠭᠡ ᠲᠣᠰᠬᠤᠨ ᠤ | ᠵᠤᠭᠠᠴᠠᠯ ᠤᠨ ᠰᠢᠨ᠎ᠡ ᠣᠶᠢᠯᠠᠭᠠᠯᠲᠠ ᠶᠢ ᠡᠬᠢᠯᠡᠭᠦᠯᠪᠡ | | ᠤᠢᠢᠷ᠎ᠠ ᠶᠢᠨ ᠵᠢᠯ ᠠᠴᠠ ᠨᠠᠰᠢ᠂ ᠹᠧᠩᠵᠧᠨ ᠬᠤᠳᠠ ᠶᠢᠨ ᠬᠢᠨ ᠪᠣᠬᠢᠷᠲᠤᠯ ᠦᠭᠡᠢ ᠲᠠᠷᠢᠶᠠᠯᠠᠩ ᠤᠨ ᠬᠥᠭᠵᠢᠯᠲᠡ ᠶᠢᠨ | ᠠᠯᠬᠤᠴᠠ ᠪᠠᠨ ᠶᠡᠬᠡᠪᠡᠷ ᠲᠦᠷᠭᠡᠳᠬᠡᠵᠦ᠂ ᠲᠠᠷᠢᠶᠠᠯᠠᠩ ᠪᠠ ᠵᠤᠭᠠᠴᠠᠯ ᠤᠨ ᠠᠭᠤᠰᠤᠯᠴᠠᠨ ᠬᠥᠭᠵᠢᠬᠦ ᠶᠢ ᠬᠦᠴᠦᠯᠡᠨ | ᠠᠬᠢᠭᠤᠯᠵᠤ᠂ ᠥᠨᠳᠥᠷ ᠪᠦᠲᠦᠮᠵᠢᠲᠡᠢ᠂ ᠣᠷᠴᠢᠨ ᠲᠣᠭᠤᠷᠢᠨ ᠢ ᠬᠠᠮᠠᠭᠠᠯᠠᠬᠤ ᠲᠠᠷᠢᠶᠠᠯᠠᠩ ᠤᠨ ᠦᠢᠯᠡᠳᠪᠦᠷᠢᠯᠡᠯ | ᠡᠵᠡᠩᠨᠡᠯᠲᠡ ᠶᠢᠨ ᠰᠢᠰᠲ᠋ᠧᠮ ᠢ ᠪᠠᠶᠢᠭᠤᠯᠪᠠ᠃ 4 ᠰᠠᠷ᠎ᠠ ᠶᠢᠨ 19 ᠤ ᠡᠳᠦᠷ᠂ ᠹᠧᠩᠵᠧᠨ ᠬᠤᠲᠠ ᠶᠢᠨ ᠯᠢᠦᠶ ᠺᠠᠩ ᠶᠤᠸᠠᠨ | ᠠᠮᠢ ᠠᠬᠤᠶ ᠶᠢᠨ ᠲᠠᠷᠢᠶᠠᠯᠠᠩ ᠤᠨ ᠬᠦᠷᠢᠶᠡᠯᠡᠩ ᠤᠨ ᠬᠡᠷᠡᠭᠵᠢᠭᠦᠯᠦᠭᠰᠡᠨ ︽ᠠᠭᠤᠯᠠ ᠤᠰᠤ ᠪᠠᠨ ᠪᠦᠳᠦᠭᠡᠨ ᠪᠠᠶᠢᠭᠤᠯᠵᠤ | ᠲᠦᠷᠪᠡᠨ ᠤᠯᠠᠷᠢᠯ ᠢᠶᠠᠨ ᠰᠠᠬᠢᠨ ᠪᠠᠷᠠᠯᠠᠨ᠎ᠠ︾ ᠬᠡᠬᠦ ᠬᠡᠷ ᠪᠦᠯᠢ ᠶᠢᠨ ᠲᠠᠷᠢᠶᠠᠨ ᠭᠠᠵᠠᠷ ᠤᠨ ᠲᠥᠯᠥᠪᠯᠡᠭᠡ ᠨᠢ ᠦᠶ ᠣᠯᠠᠨ | ᠬᠡᠷ ᠪᠦᠯᠢ ᠪᠠ ᠲᠠᠷᠢᠶᠠᠯᠠᠩ ᠳᠤ ᠳᠤᠷ᠎ᠠ ᠪᠠᠭ᠋ᠠᠲᠠᠶ ᠬᠥᠮᠦᠰ ᠤᠨ ᠠᠩᠬᠠᠷᠤᠯ ᠢ ᠲᠠᠲᠠᠵᠤ᠂ ᠬᠤᠲᠠ ᠶᠢᠨ ᠰᠠᠭᠤᠭᠠᠯᠢ | ᠠᠷᠠᠳ ᠲᠤ ᠪᠠᠶᠢᠭᠠᠯᠢ ᠲᠠᠢ ᠣᠶᠢᠷᠠᠳᠴᠤ᠂ ᠲᠠᠷᠢᠶᠠᠯᠠᠩ ᠤᠨ ᠠᠮᠢᠳᠤᠷᠠᠯ ᠢ ᠣᠶᠢᠯᠠᠭᠠᠬᠤ ᠲᠣᠬᠢᠶᠠᠯ ᠤᠯᠭᠤᠪᠠ᠃ | | ᠠᠵᠢᠯᠯᠠᠭ᠎ᠠ ᠶᠢᠨ ᠳᠤᠮᠳᠠ᠂ ᠹᠧᠩᠵᠧᠨ ᠬᠤᠲᠠ ᠶᠢᠨ ᠯᠢᠦᠶ ᠺᠠᠩ ᠶᠤᠸᠠᠨ ᠠᠮᠢ ᠠᠬᠤᠢ ᠶᠢᠨ ᠲᠠᠷᠢᠶᠠᠯᠠᠩ ᠤᠨ | ᠬᠦᠷᠢᠶᠡᠯᠡᠩ ᠤᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠵᠤᠭᠠᠴᠠᠭᠰᠠᠳ ᠲᠤ | ᠣᠷᠭᠠᠨᠢᠭ ᠲᠠᠷᠢᠶᠠᠯᠠᠩ ᠤᠨ ᠮᠡᠳᠡᠯᠭᠡ ᠪᠣᠯᠤᠨ ᠲᠠᠷᠢᠬᠤ ᠠᠷᠭ᠎ᠠ ᠶᠢ ᠨᠡᠩ ᠤᠯᠠᠨ ᠬᠥᠮᠦᠰ ᠲᠤ ᠣᠶᠢᠯᠠᠭᠠᠭᠤᠯᠵᠤ᠂ ᠣᠷᠭᠠᠨᠢᠭ | ᠲᠠᠷᠢᠶᠠᠯᠠᠩ ᠤᠨ ᠤᠯᠠᠨ ᠤ ᠠᠮᠢᠳᠤᠷᠠᠯ ᠤᠨ ᠣᠷᠴᠢᠨ ᠲᠣᠭᠤᠷᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠲᠤ | ᠠᠪᠴᠢᠷᠠᠭᠰᠠᠨ ᠡᠯ᠎ᠡ ᠵᠦᠢᠯ ᠤᠨ ᠠᠰᠢᠭ ᠲᠤᠰᠠ ᠶᠢ ᠨᠡᠩ ᠤᠯᠠᠨ ᠬᠥᠮᠦᠰ ᠲᠤ ᠭᠦᠨᠵᠡᠭᠡᠢ ᠲᠠᠨᠢᠭᠤᠯᠬᠤ ᠪᠠᠷ ᠵᠣᠷᠢᠯᠭ᠎ᠠ ᠪᠠᠨ | ᠪᠤᠯᠭᠠᠪᠠ᠃ | | ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠵᠤᠭᠠᠴᠠᠭᠰᠠᠳ ᠲᠣᠰ ᠲᠣᠰ ᠭᠠᠵᠠᠷ ᠰᠢᠷᠣᠶ ᠲᠠᠨᠢᠵᠤ ᠠᠪᠬᠤ ᠶᠢᠨ ᠬᠠᠮᠲᠤ | ᠯᠢᠦᠶ ᠺᠠᠩ ᠶᠤᠸᠠᠨ ᠲᠠᠢ ᠲᠠᠷᠢᠶ᠎ᠠ ᠳᠠᠷᠢᠬᠤ ᠭᠡᠷ᠎ᠡ ᠲᠣᠭᠲᠠᠵᠤ᠂ ᠵᠢᠩᠬᠢᠨᠢ ᠪᠠᠷ ︽ᠲᠠᠷᠢᠶᠠᠯᠠᠩ ᠤᠨ ᠲᠠᠯᠠᠪᠠᠶ ᠶᠢᠨ ᠡᠵᠡᠨ︾ | ᠪᠣᠯᠪᠠ᠂ ᠭᠠᠵᠠᠷ ᠰᠢᠷᠣᠶ ᠲᠠᠨᠢᠵᠤ ᠠᠪᠤᠭᠰᠠᠨ ᠬᠡᠷ ᠪᠦᠯᠢ ᠶᠢᠨ ᠬᠢᠨ ᠲᠤᠰᠬᠠᠶ ᠬᠠᠷᠢᠶᠠᠲᠤ ᠭᠠᠵᠠᠷ ᠰᠢᠷᠣᠶ ᠳᠡᠭᠡᠷ᠎ᠡ ᠪᠠᠨ | ᠳᠠᠷᠢᠬᠤ᠂ ᠬᠤᠷᠢᠶᠠᠯᠲᠠ ᠠᠪᠬᠤ ᠵᠡᠷᠭᠡ ᠪᠥᠬᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠥᠪᠡᠷ ᠤᠨ ᠬᠡᠷᠡᠭᠴᠡᠭᠡ ᠪᠠᠨ | ᠥᠪᠡᠷ ᠢᠶᠠᠨ ᠬᠠᠩᠭᠠᠬᠤ ᠲᠠᠷᠢᠶᠠᠨ ᠭᠠᠵᠠᠷ ᠤᠨ ᠪᠠᠶᠠᠷ ᠴᠡᠩᠭᠡᠯ ᠢ ᠡᠳ᠋ᠯᠡᠵᠦ ᠪᠣᠯᠤᠨ᠎ᠠ᠃ | | ᠵᠤᠭᠠᠴᠠᠭᠰᠠᠳ ᠠᠵᠢᠯᠲᠠᠳ ᠤᠨ ᠵᠢᠯᠤᠭᠤᠳᠤᠯᠭ᠎ᠠ ᠪᠠᠷ ᠠᠷᠴᠢᠭᠤᠷ ᠬᠦᠷᠵᠡ ᠪᠠᠨ ᠪᠠᠷᠢᠵᠤ᠂ ᠨᠠᠷᠢᠨ ᠬᠢᠨᠠᠮᠠᠭᠠᠢ ᠪᠠᠷ | ᠨᠦᠭᠡ ᠮᠠᠯᠳᠠᠨ ᠲᠥᠮᠥᠰᠥ ᠶᠢᠨ ᠦᠷ᠎ᠡ ᠶᠢ ᠲᠠᠷᠢᠵᠦ᠂ ᠭᠠᠵᠠᠷ ᠬᠥᠷᠪᠡᠭᠦᠯᠵᠦ᠂ ᠬᠦᠷ ᠬᠥᠭᠵᠢᠶᠡᠨ ᠲᠠᠢ ᠵᠤᠭᠤᠭ ᠬᠥᠳᠡᠭᠡ | ᠬᠡᠭᠡᠷ᠎ᠡ ᠳᠤ ᠴᠤᠤᠷᠢᠶᠠᠲᠤᠨ᠎ᠠ᠃ ᠡᠭᠦᠨ ᠳᠤ ᠴᠥᠭᠡᠨ ᠪᠤᠰᠤ ᠵᠤᠭᠠᠴᠠᠭᠰᠠᠳ ᠠᠩᠬ᠎ᠠ ᠤᠳᠠᠭ᠎ᠠ ᠲᠠᠷᠢᠶᠠᠨ ᠠᠵᠢᠯ ᠳᠤ | ᠣᠷᠣᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠤᠯᠴᠠᠬᠤ ᠪᠠᠶᠢᠳᠠᠯ ᠳᠣᠤᠷ᠎ᠠ᠂ ᠳᠠᠷᠢᠬᠤ ᠡᠭᠦᠷᠭᠡ ᠪᠠᠨ | ᠤᠷᠤᠭᠰᠢᠲᠠᠶ ᠪᠡᠶᠡᠯᠡᠭᠦᠯᠵᠦ᠂ ᠭᠠᠵᠠᠷ ᠰᠢᠷᠣᠶ ᠪᠠ ᠲᠠᠷᠢᠮᠠᠯ ᠤᠨ ᠵᠦᠢᠯ ᠳᠤ ᠴᠦ ᠨᠠᠩ ᠭᠦᠨ ᠵᠤᠵᠠᠭᠠᠨ ᠬᠠᠶᠢᠷ᠎ᠠ | ᠰᠡᠳᠬᠢᠯᠭᠡ ᠲᠠᠢ ᠪᠣᠯᠤᠭᠰᠠᠨ ᠪᠠᠶᠢᠨ᠎ᠠ᠃ | | ᠲᠠᠷᠢᠵᠦ ᠪᠠᠷᠠᠭᠰᠠᠨ ᠤ ᠲᠠᠷᠠᠭ᠎ᠠ᠂ ᠵᠤᠭᠠᠴᠠᠭᠰᠠᠳ ᠬᠠᠮᠲᠤ ᠪᠠᠷ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ | ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠦᠵᠡᠭᠦᠯᠦᠯᠭᠡ ᠶᠢᠨ ᠲᠢᠩᠬᠢᠮ ᠳᠤ ᠡᠯ᠎ᠡ ᠵᠦᠢᠯ ᠤᠨ ᠰᠢᠨ᠎ᠡ | ᠰᠣᠷᠭᠤᠭ ᠣᠷᠭᠠᠨᠢᠭ ᠢᠳᠡᠰᠢᠨ ᠨᠣᠭᠤᠭ᠎ᠠ᠂ ᠵᠢᠮᠢᠰ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ | ᠠᠵᠢᠯᠳᠠᠨ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ ᠶᠠᠪᠤᠴᠠ ᠪᠣᠯᠤᠨ ᠣᠨᠴᠠᠯᠢᠭ ᠢ ᠨᠠᠷᠢᠨ ᠨᠢᠭᠲᠠ ᠲᠠᠨᠢᠯᠴᠠᠭᠤᠯᠵᠤ᠂ | ᠤᠯᠠᠨ ᠢᠶᠠᠷ ᠢᠶᠠᠨ ᠣᠷᠭᠠᠨᠢᠭ ᠲᠠᠷᠢᠶᠠᠯᠠᠩ ᠤᠨ ᠷᠢᠳᠢ ᠰᠢᠳᠢ ᠶᠢ ᠰᠢᠭᠤᠳ ᠮᠡᠳᠡᠷᠡᠪᠡ᠃ | | ᠲᠣᠰ ᠤᠳᠠᠭᠠᠨ ᠤ ᠠᠵᠢᠯᠯᠠᠭ᠎ᠠ ᠨᠢ ᠬᠤᠲᠠ ᠶᠢᠨ ᠰᠠᠭᠤᠭᠠᠯᠢ ᠠᠷᠠᠳ ᠲᠤ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠬᠤ᠂ | ᠲᠠᠷᠢᠶᠠᠯᠠᠬᠤ ᠶᠢ ᠪᠡᠶᠡᠴᠢᠯᠡᠨ ᠣᠶᠢᠯᠠᠭᠠᠬᠤ ᠲᠠᠪᠴᠠᠩ ᠬᠠᠩᠭᠠᠵᠤ᠂ ᠲᠣᠰ ᠭᠠᠵᠠᠷ ᠤᠨ ᠲᠠᠷᠢᠶᠠᠯᠠᠩ ᠬᠢᠭᠡᠳ ᠵᠢᠭᠤᠯᠴᠢᠯᠠᠯ ᠤᠨ | ᠦᠢᠯᠡᠰ ᠤᠨ ᠠᠭᠤᠰᠤᠯᠴᠠᠨ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠬᠥᠳᠡᠭᠡ ᠲᠣᠰᠬᠤᠨ ᠤ | ᠠᠮᠢᠳᠤᠷᠠᠯ ᠤᠨ ᠰᠠᠶᠢᠨ ᠰᠠᠶᠢᠬᠠᠨ ᠢ ᠣᠶᠢᠯᠠᠭᠠᠬᠤ ᠶᠢᠨ ᠬᠠᠮᠲᠤ ᠬᠥᠳᠡᠭᠡ ᠲᠣᠰᠬᠤᠨ ᠤ ᠵᠢᠭᠤᠯᠴᠢᠯᠠᠯ ᠤᠨ ᠴᠡᠴᠡᠭᠯᠡᠨ | ᠬᠥᠭᠵᠢᠬᠦ ᠶᠢ ᠬᠠᠮᠲᠤ ᠪᠠᠷ ᠳᠥᠯᠭᠢᠨ ᠠᠬᠢᠭᠤᠯᠪᠠ᠃ | | | ᠵᠣᠬᠢᠶᠠᠭᠴᠢ᠄ ᠭᠦᠸᠧ ᠬᠤᠶ ᠮᠢᠨ ᠶᠠᠨ ᠰᠢᠶᠠ ᠹᠸᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |