| —— ᠮᠠ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠢᠨ ︽ᠨᠣᠮ ᠰᠤᠳᠤᠷ ᠤᠨ ᠲᠤᠮᠳᠠ | ᠤᠩᠰᠢᠯᠭ᠎ᠠ ᠶᠢᠨ ᠴᠡᠩᠭᠡᠯ ᠢ ᠡᠳ᠋ᠯᠡᠶ᠎ᠡ︾ ᠭᠡᠬᠦ ᠭᠤᠣᠯ ᠰᠡᠳᠦᠪᠲᠦ ᠬᠠᠷᠢᠭᠤ ᠮᠡᠳᠡᠭᠦᠯᠦᠯᠲᠡ ᠶᠢᠨ ᠦᠵᠡᠭᠦᠯᠦᠯᠭᠡ | ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ | | 4 ᠰᠠᠷ᠎ᠠ ᠶᠢᠨ 21 ᠤ ᠡᠳᠦᠷ᠂ ᠮᠠ ᠴᠢᠶᠣᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠢᠨ ︽ ᠨᠣᠮ ᠰᠤᠳᠤᠷ ᠤᠨ | ᠲᠤᠮᠳᠠ ᠤᠩᠰᠢᠯᠭ᠎ᠠ ᠶᠢᠨ ᠴᠡᠩᠭᠡᠯ ᠢ ᠡᠳ᠋ᠯᠡᠶ᠎ᠡ︾ ᠭᠡᠬᠦ ᠭᠤᠣᠯ ᠰᠡᠳᠦᠪᠲᠦ ᠬᠠᠷᠢᠭᠤ ᠮᠡᠳᠡᠭᠦᠯᠦᠯᠲᠡ ᠶᠢᠨ ᠦᠵᠡᠭᠦᠯᠦᠯᠭᠡ ᠶᠢᠨ | ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | ᠠᠵᠢᠯᠯᠠᠭ᠎ᠠ ᠨᠢ ︽ᠪᠢ ᠲᠠᠨ ᠳᠠᠭᠠᠨ ᠬᠠᠶᠢᠷᠠᠲᠠᠢ ᠳᠤᠮᠳᠠᠳᠤ ᠤᠯᠤᠰ ᠮᠢᠨᠢ︾ ᠭᠡᠬᠦ ᠳᠠᠭᠤᠤ ᠬᠥᠭᠵᠢᠮ ᠤᠨ ᠳᠤᠮᠳᠠ | ᠬᠦᠰᠢᠭᠡ ᠪᠠᠨ ᠰᠡᠭᠦᠪᠡ᠃ ᠳᠠᠷᠠᠭ᠎ᠠ ᠪᠠᠷ ᠨᠢ ᠬᠠᠮᠲᠤ ᠰᠤᠷᠤᠭᠴᠢᠳ ᠵᠠᠯᠭᠠᠭ᠎ᠠ ᠵᠠᠯᠭᠠᠭ᠎ᠠ ᠪᠠᠷ ᠲᠠᠶᠢᠰᠠᠨ ᠳᠤ ᠭᠠᠷᠴᠤ᠂ | ᠤᠷᠠᠨ ᠵᠣᠬᠢᠶᠠᠯ ᠤᠨ ᠤᠯᠠᠮᠵᠢᠯᠠᠭᠴᠢ ᠪᠤᠯᠵᠤ᠂ ᠵᠠᠷᠢᠮ ᠨᠢ ᠰᠣᠩᠭᠤᠳᠠᠭ ᠰᠢᠯᠦᠭ ᠢ ᠤᠷᠮ᠎ᠠ ᠵᠣᠷᠢᠭ ᠲᠡᠭᠦᠯᠳᠡᠷ ᠢᠶᠠᠷ | ᠤᠩᠰᠢᠨ᠂ ᠦᠭᠡ ᠥᠭᠦᠯᠡᠪᠦᠷᠢ ᠳᠤ ᠬᠠᠳᠠᠭᠠᠯᠠᠭᠳᠠᠵᠤ ᠪᠠᠶᠢᠭ᠎ᠠ ᠰᠦᠷ ᠳᠠᠯᠠᠶᠢᠴᠠᠲᠠᠢ ᠬᠦᠴᠦᠨ ᠴᠢᠳᠠᠯ ᠢ ᠢᠯᠡᠷᠡᠭᠦᠯᠵᠦ᠂ | ᠵᠠᠷᠢᠮ ᠨᠢ ᠬᠥᠮᠥᠨ ᠤ ᠰᠡᠳᠬᠢᠯ ᠢ ᠬᠥᠳᠡᠯᠭᠡᠮ᠎ᠡ ᠦᠯᠢᠭᠡᠷ ᠢ ᠬᠥᠩᠭᠡᠨ ᠳᠠᠭᠤᠨ ᠢᠶᠠᠷ ᠶᠠᠷᠢᠵᠤ᠂ ᠨᠠᠷᠢᠨ ᠨᠢᠭᠲᠠ ᠦᠨᠡᠨᠴᠢ | ᠰᠡᠳᠬᠢᠯᠭᠡ ᠶᠢ ᠳᠠᠮᠵᠢᠭᠤᠯᠪᠠ᠃ ᠠᠶᠢᠵᠠᠮ ᠴᠣᠬᠢᠯᠭ᠎ᠠ ᠲᠠᠢ ᠠᠶᠠᠰ᠂ ᠨᠥᠯᠥᠭᠡᠯᠡᠬᠦ ᠬᠦᠴᠦᠨ ᠲᠡᠭᠦᠯᠳᠡᠷ ᠳᠦᠷᠢ ᠪᠠᠶᠢᠳᠠᠯ ᠨᠢ | ᠪᠦᠲᠦᠭᠡᠯ ᠨᠢᠭᠡᠪᠦᠷᠢ ᠶᠢ ᠠᠮᠢᠳᠤᠯᠢᠭ ᠰᠠᠶᠢᠬᠠᠨ ᠪᠣᠯᠭᠠᠵᠤ᠂ ᠣᠯᠠᠨ ᠢ ᠰᠣᠨᠢᠨ ᠭᠠᠶᠢᠬᠠᠮᠰᠢᠭᠲᠠᠢ ᠤᠳᠬ᠎ᠠ ᠵᠣᠬᠢᠶᠠᠯ ᠤᠨ | ᠶᠢᠷᠲᠢᠨᠴᠦ ᠳᠤ ᠳᠠᠭᠠᠭᠤᠯᠤᠨ ᠣᠷᠣᠭᠤᠯᠤᠭᠰᠠᠨ ᠪᠠᠶᠢᠨ᠎ᠠ᠃ | | | | | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠰᠤᠷᠤᠭᠴᠢᠳ ᠤᠨ ᠤᠩᠰᠢᠯᠭ᠎ᠠ ᠶᠢᠨ ᠤᠷᠮ᠎ᠠ ᠵᠣᠷᠢᠭ ᠢ ᠤᠯᠠᠮ | ᠨᠢᠭᠡ ᠠᠯᠬᠤᠮ ᠬᠥᠭᠵᠢᠭᠡᠵᠦ᠂ ᠲᠡᠳᠡᠨ ᠤ ᠦᠭᠡ ᠬᠡᠯᠡᠨ ᠤ ᠢᠯᠡᠳᠬᠡᠯ ᠪᠠ ᠲᠠᠶᠢᠰᠠᠨ ᠤ ᠲᠣᠭᠯᠠᠯᠲᠠ ᠶᠢᠨ ᠴᠢᠳᠠᠪᠤᠷᠢ ᠶᠢ | ᠬᠥᠮᠥᠵᠢᠭᠦᠯᠦᠨ᠂ ᠬᠡᠦᠬᠡᠳ ᠤᠳ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠢ ᠪᠤᠢ ᠪᠤᠯᠭᠠᠵᠤ ᠦᠭᠪᠡ᠃ | | | | ᠵᠣᠬᠢᠶᠠᠭᠴᠢ᠄ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |