| —— ᠮᠠᠨ ᠤ ᠬᠤᠲᠠ ᠶᠢᠨ ᠬᠢᠨ ︽ᠤᠨᠤᠯ ᠤᠨ ᠵᠠᠮ ᠠᠴᠠ ᠤᠮᠠᠷᠠᠳᠤ ᠬᠢᠯᠢ ᠶᠢ ᠦᠵᠡᠭᠡᠷᠡᠢ︾ ᠬᠡᠬᠦ | ᠤᠩᠰᠢᠯᠭ᠎ᠠ ᠶᠢᠨ ᠭᠤᠣᠯ ᠰᠡᠳᠦᠪᠲᠦ ᠠᠵᠢᠯᠯᠠᠭ᠎ᠠ ᠶᠢ ᠡᠬᠢᠯᠡᠭᠦᠯᠪᠡ | | 4 ᠰᠠᠷ᠎ᠠ ᠶᠢᠨ 21 ᠤ ᠡᠳᠦᠷ᠂ ︽ᠤᠨᠤᠯ ᠤᠨ ᠵᠠᠮ ᠠᠴᠠ ᠤᠮᠠᠷᠠᠳᠤ ᠬᠢᠯᠢ ᠶᠢ ᠦᠵᠡᠭᠡᠷᠡᠢ︾ ᠬᠡᠬᠦ ᠤᠩᠰᠢᠯᠭ᠎ᠠ ᠶᠢᠨ | ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠹᠧᠩᠵᠧᠨ ᠤ ᠬᠤᠶᠢᠲᠤ ᠦᠷᠳᠡᠭᠡ ᠳᠤ ᠶᠠᠪᠤᠭᠳᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠹᠧᠩ ᠵᠢᠶᠦ᠋ᠨ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠤ᠂ ᠦᠶ ᠣᠯᠠᠨ | ᠤᠩᠰᠢᠭᠴᠢᠳ᠂ ᠰᠣᠶᠣᠯ ᠳᠤ ᠪᠠᠭ᠋ᠠᠲᠠᠶ ᠬᠥᠮᠦᠰ ᠲᠠᠢ ᠬᠠᠮᠲᠤ ᠪᠠᠷ ᠡᠨᠡᠬᠦ ᠰᠣᠶᠣᠯ ᠤᠨ ᠬᠥᠭ ᠠᠶᠠᠰ ᠪᠣᠯᠤᠨ ᠦᠵᠡᠯ | ᠰᠠᠨᠠᠭᠠᠨ ᠤ ᠭᠦᠨᠴᠡ ᠲᠠᠢ ᠤᠩᠰᠢᠯᠭ᠎ᠠ ᠶᠢᠨ ᠠᠶᠠᠯᠠᠯ ᠢ ᠡᠬᠢᠯᠡᠭᠦᠯᠪᠡ᠃ | | ᠹᠧᠩ ᠵᠢᠶᠦ᠋ᠨ ᠡᠬᠢᠯᠡᠯᠲᠡ ᠶᠢᠨ ᠶᠣᠰᠣᠯᠠᠯ ᠳᠡᠭᠡᠷ᠎ᠡ ᠠᠵᠢᠯ ᠤᠨ ᠳᠠᠶᠢᠴᠢᠯᠠᠯᠲᠠ ᠬᠢᠭᠰᠡᠨ ᠪᠦᠭᠡᠳ ᠹᠧᠩᠵᠧᠨ ᠤ | ᠲᠡᠤᠬᠡ ᠶᠢᠨ ᠰᠠᠭᠤᠷᠢ ᠭᠦᠨ ᠵᠤᠵᠠᠭᠠᠨ᠂ ︽ᠹᠧᠩᠵᠧᠨ ᠤ ᠶᠧᠪᠡᠩ︾ ᠨᠢ ᠨᠠᠩ ᠴᠤ ᠬᠤᠯᠠ ᠣᠶᠢᠷ᠎ᠠ ᠳᠤ ᠠᠯᠳᠠᠷᠲᠠᠶ᠂ | ᠵᠢᠨᠢᠩ —— ᠳ᠋ᠠᠲ᠋ᠦ᠋ᠩ —— ᠶᠤᠸᠠᠨ ᠫᠢᠩ ᠬᠦᠷᠬᠦ ᠦᠨᠳᠦᠷ ᠬᠤᠷᠳᠤᠴᠠᠲᠤ ᠲᠡᠮᠦᠷ ᠵᠠᠮ ᠤᠨ ᠨᠡᠪᠲᠡᠷᠡᠬᠦ ᠶᠢ | ᠳᠠᠭᠠᠯᠳᠤᠨ ᠹᠧᠩᠵᠧᠨ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠵᠤ᠂ ᠰᠢᠨ᠎ᠡ ᠬᠥᠭᠵᠢᠯᠲᠡ ᠶᠢᠨ | ᠠᠶᠠᠨ ᠵᠠᠮ ᠳᠤ ︽ᠪᠦᠬᠦ ᠠᠷᠠᠳ ᠢᠶᠠᠷ ᠢᠶᠠᠨ ᠨᠣᠮ ᠤᠩᠰᠢᠬᠤ︾ ᠶᠢ ᠠᠬᠢᠭᠤᠯᠬᠤ ᠶᠢᠨ ᠵᠣᠷᠢᠯᠭ᠎ᠠ ᠨᠢ ᠰᠠᠶᠢᠨ ᠰᠠᠶᠢᠬᠠᠨ | ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ᠂ ᠨᠣᠮ ᠪᠢᠴᠢᠭ ᠢᠶᠠᠷ ᠪᠣᠯᠪᠠᠰᠤᠨ ᠢ ᠵᠠᠯᠭᠠᠮᠵᠢᠯᠠᠵᠤ᠂ ᠢᠷᠡᠭᠡᠳᠦᠢ ᠶᠢ | ᠨᠡᠭᠡᠭᠡᠵᠦ᠂ ᠹᠧᠩᠵᠧᠨ ᠤ ᠵᠣᠷᠢᠭ ᠰᠠᠨᠠᠭ᠎ᠠ ᠪᠣᠯᠤᠨ ᠤᠮᠠᠷᠠᠲᠤ ᠶᠢᠨ ᠰᠣᠶᠣᠯ ᠢ ᠪᠢᠴᠢᠭ ᠤᠨ ᠦᠨᠦᠷ ᠠᠮᠲᠠ ᠳᠤ ᠰᠢᠨ᠎ᠡ ᠭᠡᠷᠡᠯ | ᠭᠢᠯᠪᠠᠭ᠎ᠠ ᠲᠠᠢ ᠪᠣᠯᠭᠠᠵᠤ᠂ ᠪᠦᠬᠦ ᠠᠷᠠᠳ ᠤᠨ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ ᠭᠡᠪᠡ᠃ | | | ᠠᠵᠢᠯᠯᠠᠭ᠎ᠠ ᠨᠢ ︽ᠤᠮᠠᠷᠠᠲᠤ ᠬᠢᠯᠢ ᠶᠢ ᠳᠣᠭᠳᠣᠯᠤᠭᠤᠯᠬᠤ︾ ᠪᠥᠵᠢᠭ ᠤᠨ ᠲᠣᠭᠯᠠᠯᠲᠠ ᠳᠤ ᠬᠥᠰᠢᠭᠡ ᠪᠠᠨ ᠰᠡᠬᠦᠪᠡ᠃ | ᠤᠯᠠᠭᠠᠨᠮᠥ᠋ᠴᠢᠷ ᠤᠨ ᠪᠥᠵᠢᠭᠴᠢᠳ ᠥᠩᠭᠡ ᠢᠯᠭᠠᠷᠠᠮ᠎ᠠ ᠦᠨᠳᠦᠰᠦᠲᠡᠨ ᠤ ᠬᠤᠪᠴᠠᠰᠤ ᠵᠠᠰᠠᠯ ᠢᠶᠠᠨ ᠡᠮᠦᠰᠴᠦ᠂ ᠭᠤᠶᠤ | ᠰᠠᠶᠢᠬᠠᠨ ᠪᠥᠵᠢᠭ ᠤᠨ ᠳᠦᠷᠢ ᠲᠥᠷᠬᠦ ᠪᠠᠷ ᠢᠶᠠᠨ ᠤᠮᠠᠷᠠᠲᠤ ᠬᠢᠯᠢ ᠶᠢᠨ ᠥᠪᠡᠷᠮᠢᠴᠡ ᠵᠠᠩ ᠠᠭᠠᠯᠢ ᠪᠠ ᠥᠷᠨᠢᠭᠦᠨ | ᠪᠠᠳᠠᠷᠠᠩᠭᠤᠶ ᠠᠮᠢᠵᠢᠷᠠᠯ ᠤᠨ ᠬᠦᠴᠦᠨ ᠢ ᠠᠮᠢᠳᠤᠯᠢᠭ ᠢᠶᠠᠷ ᠢᠯᠡᠷᠡᠭᠦᠯᠵᠦ᠂ ᠠᠬᠤᠶ ᠲᠠᠯᠠᠪᠠᠶ ᠶᠢᠨ ᠠᠭᠤᠷ ᠠᠮᠢᠰᠬᠤᠯ ᠢ ᠭᠱᠠᠨ | ᠵᠠᠭᠤᠷ᠎ᠠ ᠬᠥᠭᠵᠢᠭᠡᠨ᠂ ᠦᠵᠡᠭᠴᠢᠳ ᠢ ᠤᠮᠠᠷᠠᠲᠤ ᠬᠢᠯᠢ ᠶᠢᠨ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠳᠤ | ᠣᠷᠣᠭᠤᠯᠪᠠ᠃ | | ᠲᠤᠰ ᠠᠵᠢᠯᠯᠠᠭ᠎ᠠ ᠶᠢᠨ ᠳᠤᠮᠳᠠ ᠹᠧᠩᠵᠧᠨ ᠬᠤᠲᠠ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠤᠷᠤᠭᠴᠢᠳ | ᠬᠠᠮᠲᠤ ᠶᠢᠨ ᠤᠩᠰᠢᠯᠭ᠎ᠠ ᠶᠢ ᠠᠪᠴᠢᠷᠠᠵᠤ᠂ ᠲᠡᠷᠢ ᠲᠡᠭᠰᠢ ᠪᠥᠭᠡᠳ ᠨᠥᠯᠥᠭᠡᠯᠡᠬᠦ ᠬᠦᠴᠦᠨ ᠲᠠᠢ ᠳᠠᠭᠤᠨ ᠢᠶᠠᠷ | ᠤᠩᠰᠢᠯᠭ᠎ᠠ ᠶᠢᠨ ᠲᠤᠬᠠᠶ ᠳᠤᠷ᠎ᠠ ᠪᠠᠬ᠎ᠠ ᠪᠠᠨ ᠲᠠᠶᠢᠯᠪᠤᠷᠢᠯᠠᠵᠤ᠂ ᠥᠪᠡᠷᠮᠢᠴᠡ ᠬᠡᠪ ᠨᠠᠮᠪᠠ ᠪᠠᠨ ᠭᠠᠶᠢᠬᠠᠭᠤᠯᠪᠠ᠃ ᠢᠷᠠᠭᠤ | ᠴᠡᠭᠡᠯᠬᠡᠨ ᠮᠣᠷᠢᠨ ᠬᠤᠭᠤᠷ ᠤᠨ ᠬᠦᠭᠵᠢᠮ ᠤᠨ ᠳᠠᠭᠠᠤ ᠶᠠᠲᠤᠭ᠎ᠠ ᠶᠢᠨ ᠲᠠᠭᠤᠨ ᠨᠢ ᠶᠠᠭ ᠯᠠ ᠤᠮᠠᠷᠠᠲᠤ ᠬᠢᠯᠢ ᠳᠤ | ᠰᠠᠭᠠᠳᠤᠭᠰᠠᠨ ᠬᠥᠮᠦᠰ ᠤᠨ ᠰᠡᠳᠬᠢᠯ ᠢ ᠬᠥᠳᠡᠯᠭᠡᠮ᠎ᠡ ᠦᠯᠢᠭᠡᠷ ᠢ ᠰᠣᠨᠣᠰᠪᠤᠷᠢᠲᠠᠶ ᠰᠠᠶᠢᠬᠠᠨ ᠶᠠᠷᠢᠵᠤ ᠪᠠᠶᠢᠭ᠎ᠠ ᠰᠢᠭ᠋ | ᠰᠣᠨᠣᠰᠳᠠᠵᠤ ᠪᠠᠶᠢᠯ᠎ᠠ᠃ ᠤᠷᠠᠨ ᠤᠩᠰᠢᠯᠭ᠎ᠠ ᠶᠢᠨ ᠫᠷᠤᠭ᠍ᠷᠠᠮ ︽ᠮᠢᠨᠦ ᠤᠮᠠᠷᠠᠲᠤ ᠣᠷᠣᠨ ᠪᠠ ᠡᠮᠦᠨᠡᠲᠦ ᠣᠷᠣᠨ︾ ᠳᠤ᠂ | ᠤᠷᠠᠨ ᠤᠩᠰᠢᠭᠴᠢ ᠭᠦᠨ ᠰᠡᠳᠬᠢᠯᠭᠡ ᠶᠢᠨ ᠠᠶᠠᠰ ᠢᠶᠠᠷ ᠡᠮᠦᠨᠡᠲᠦ ᠤᠮᠠᠷᠠᠲᠤ ᠣᠷᠣᠨ ᠤ ᠣᠨᠴᠠᠯᠢᠭ ᠪᠠ ᠬᠠᠶᠢᠷ᠎ᠠ | ᠰᠡᠳᠬᠢᠯᠭᠡ ᠶᠢ ᠨᠠᠷᠢᠯᠢᠭ ᠢᠯᠡᠷᠡᠭᠦᠯᠪᠡ᠃ ︽ᠰᠢᠨ᠎ᠡ ᠥᠷᠲᠡᠭᠡ ᠶᠢ ᠡᠬᠢᠯᠡᠵᠦ ᠬᠡᠷᠡᠭᠯᠡᠶ᠎ᠡ︾ ᠭᠡᠬᠦ ᠤᠷᠠᠨ ᠤᠩᠰᠢᠯᠭ᠎ᠠ ᠨᠢ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠹᠧᠩᠵᠧᠨ ᠤ ᠬᠤᠶᠢᠲᠤ ᠥᠷᠲᠡᠭᠡ ᠶᠢ ᠡᠬᠢᠯᠡᠵᠦ ᠬᠡᠷᠡᠭᠯᠡᠬᠦ ᠶᠢᠨ ᠤᠳᠬ᠎ᠠ | ᠠᠭᠤᠯᠭ᠎ᠠ ᠪᠠ ᠣᠯᠠᠨ ᠲᠦᠮᠡᠨ ᠤ ᠬᠠᠯᠠᠭᠤᠨ ᠬᠦᠰᠡᠯ ᠤᠨ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ᠃ ᠲᠤᠰ | ᠠᠵᠢᠯᠯᠠᠭ᠎ᠠ ᠳᠤ ᠪᠠᠰᠠ ᠬᠠᠷᠢᠯᠴᠠᠨ ᠬᠥᠳᠡᠯᠦᠯᠴᠡᠬᠦ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠲᠤᠬᠢᠷᠠᠭᠤᠯᠵᠤ᠂ | ᠠᠰᠠᠭᠤᠳᠠᠯ ᠢ ᠨᠣᠮ ᠤᠩᠰᠢᠬᠤ ᠪᠠ ᠤᠮᠠᠷᠠᠲᠤ ᠬᠢᠯᠢ ᠶᠢᠨ ᠰᠣᠶᠣᠯ ᠤᠨ ᠲᠣᠭᠤᠷᠢᠨ ᠳᠤ ᠥᠷᠨᠢᠭᠦᠯᠵᠦ᠂ ᠦᠵᠡᠭᠴᠢᠳ | ᠢᠳᠡᠪᠬᠢᠲᠡᠢ ᠪᠠᠷ ᠣᠷᠣᠯᠴᠠᠵᠤ᠂ ᠵᠠᠪᠳᠤᠨ ᠬᠠᠷᠢᠭᠤᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠲᠠᠢ ᠮᠦᠷᠳᠡᠭᠡᠨ ᠪᠠᠶᠠᠷ ᠬᠦᠷ ᠢᠶᠠᠷ ᠪᠢᠯᠬᠠᠵᠤ ᠪᠠᠶᠢᠯ᠎ᠠ᠃ ᠡᠨᠡᠬᠦ ᠭᠤᠭᠴᠤᠭ᠎ᠠ ᠨᠢ ᠤᠩᠰᠢᠯᠭ᠎ᠠ ᠪᠠ ᠤᠮᠠᠷᠠᠲᠤ | ᠬᠢᠯᠢ ᠶᠢᠨ ᠰᠣᠶᠣᠯ ᠤᠨ ᠲᠤᠬᠠᠶ ᠦᠵᠡᠭᠴᠢᠳ ᠤᠨ ᠲᠠᠨᠢᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ | ᠠᠵᠢᠯᠯᠠᠭ᠎ᠠ ᠳᠤ ᠰᠣᠨᠢᠷᠬᠠᠯᠲᠤ ᠴᠢᠨᠠᠷ ᠪᠠ ᠦᠢᠯᠡᠳᠦᠯᠴᠡᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠪᠡ᠃ | | ᠲᠤᠰ ᠤᠳᠠᠭ᠎ᠠ ᠶᠢᠨ ︽ᠤᠨᠤᠯ ᠤᠨ ᠵᠠᠮ ᠠᠴᠠ ᠤᠮᠠᠷᠠᠳᠤ ᠬᠢᠯᠢ ᠶᠢ ᠦᠵᠡᠭᠡᠷᠡᠢ︾ ᠬᠡᠬᠦ ᠭᠤᠣᠯ ᠰᠡᠳᠦᠪᠲᠦ | ᠤᠩᠰᠢᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠠᠮᠵᠢᠯᠲᠠ ᠲᠠᠢ ᠶᠠᠪᠤᠭᠳᠠᠭᠤᠯᠤᠭᠰᠠᠨ ᠨᠢ ᠳᠠᠷᠠᠭᠠᠴᠢ ᠶᠢᠨ | ᠠᠯᠢ ᠤᠯᠠᠨ ᠪᠠᠶᠠᠯᠢᠭ ᠪᠦᠭᠡᠳ ᠤᠯᠠᠨ ᠶᠠᠩᠵᠤ ᠶᠢᠨ ᠤᠩᠰᠢᠯᠭ᠎ᠠ ᠶᠢᠨ ᠠᠵᠢᠯᠯᠠᠭ᠎ᠠ ᠳᠤ ᠪᠠᠲᠤ ᠪᠠᠬᠢ ᠰᠠᠭᠤᠷᠢ ᠶᠢ ᠲᠠᠯᠪᠢᠵᠤ | ᠦᠭᠪᠡ᠃ ᠲᠠᠷᠠᠭᠠᠴᠢ ᠶᠢᠨ ᠠᠯᠬᠤᠮ ᠳᠤ᠂ ᠶᠠᠩᠵᠤ ᠪᠦᠷᠢ ᠶᠢᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠨᠠᠷᠢᠨ | ᠨᠢᠮᠪᠠᠶ ᠤᠬᠠᠭᠠᠯᠠᠨ ᠲᠥᠯᠥᠪᠯᠡᠵᠦ᠂ ᠥᠷᠭᠡᠨ ᠣᠯᠠᠨ ᠲᠦᠮᠡᠨ ᠤ ᠤᠩᠰᠢᠯᠭ᠎ᠠ ᠳᠤ ᠢᠳᠡᠪᠬᠢᠲᠡᠶ ᠣᠷᠣᠯᠴᠠᠬᠤ ᠶᠢ ᠤᠯᠠᠮ | ᠨᠢᠭᠡ ᠠᠯᠬᠤᠮ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠤᠩᠰᠢᠯᠭ᠎ᠠ ᠶᠢᠨ ᠳᠤᠮᠳᠠ ᠪᠠᠨ ᠤᠮᠠᠷᠠᠲᠤ ᠬᠢᠯᠢ ᠶᠢᠨ | ᠰᠣᠶᠣᠯ ᠤᠨ ᠥᠪᠡᠷᠮᠢᠴᠡ ᠷᠢᠳᠢ ᠰᠢᠳᠢ ᠶᠢ ᠤᠶᠢᠯᠠᠭᠠᠨ᠂ ᠰᠣᠶᠣᠯ ᠤᠨ ᠰᠢᠮ᠎ᠡ ᠲᠡᠵᠢᠭᠡᠯ ᠳᠣᠤᠷ᠎ᠠ ᠬᠦᠰᠡᠯᠡᠩ ᠢᠲᠡᠭᠡᠯ | ᠵᠣᠷᠢᠭ ᠢᠶᠠᠨ ᠪᠠᠲᠤᠳᠬᠠᠵᠤ᠂ ︽ᠶᠣᠰᠣ︾ ᠶᠢᠨ ᠲᠠᠭᠤᠨ ᠢ ᠤᠮᠠᠷᠠᠲᠤ ᠬᠢᠯᠢ ᠶᠢᠨ ᠡᠬᠡ ᠭᠠᠵᠠᠷ ᠲᠤ ᠳᠠᠭᠤᠷᠢᠰᠤᠭᠤᠯᠵᠤ᠂ | ᠤᠩᠰᠢᠯᠭ᠎ᠠ ᠶᠢᠨ ᠴᠡᠴᠡᠭ ᠢ ᠤᠮᠠᠷᠠᠲᠤ ᠬᠢᠯᠢ ᠶᠢᠨ ᠭᠠᠵᠠᠷ ᠪᠣᠯᠭᠠᠨ ᠳᠤ ᠳᠡᠯᠭᠡᠷᠡᠭᠦᠯᠦᠨ᠎ᠡ᠃ | | | ᠵᠣᠬᠢᠶᠠᠭᠴᠢ᠄ ᠪᠠᠶ ᠯᠢ ᠨᠠ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |