| —— ᠮᠠᠨ ᠤ ᠬᠤᠲᠠ ᠶᠢᠨ ᠬᠢᠨ ᠬᠡᠦᠬᠡᠳ ᠪᠠᠭᠠᠴᠤᠳ ᠤᠨ ᠪᠣᠳᠠᠰ ᠤᠨ ᠪᠤᠰᠤ ᠰᠣᠶᠣᠯ ᠤᠨ | ᠥᠪ ᠢ ᠡᠳ᠋ᠯᠡᠵᠦ ᠴᠠᠭᠠᠰᠤᠨ ᠰᠢᠪᠠᠭᠤ ᠵᠢᠷᠤᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ ︽ᠤᠩᠰᠢᠯᠭ᠎ᠠ︾ ᠶᠢᠨ | ᠭᠤᠤᠯ ᠰᠡᠳᠦᠪᠲᠦ ᠰᠢᠷᠢᠰ ᠠᠵᠢᠯᠯᠠᠭ᠎ᠠ ᠶᠢ ᠡᠷᠭᠢᠯᠡᠪᠡ | | ᠬᠠᠪᠤᠷ ᠤᠨ ᠰᠠᠯᠬᠢ ᠬᠠᠴᠠᠷ ᠢ ᠢᠯᠪᠢᠵᠦ᠂ ᠴᠠᠭᠠᠰᠤᠨ ᠰᠢᠪᠠᠭᠤ ᠳᠡᠭᠦᠯᠢᠨ ᠨᠢᠰᠤᠨ᠎ᠠ᠃ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠪᠠᠭᠠᠴᠤᠳ ᠬᠡᠦᠬᠡᠳ ᠤᠨ ᠲᠥᠰᠦᠭᠡᠯᠡᠨ ᠪᠤᠳᠤᠬᠤ | ᠴᠢᠳᠠᠪᠤᠷᠢ ᠪᠣᠯᠤᠨ ᠪᠦᠲᠦᠭᠡᠯᠴᠢ ᠴᠢᠳᠠᠪᠤᠷᠢ ᠶᠢ ᠬᠥᠭᠵᠢᠭᠡᠬᠦ ᠶᠢᠨ ᠲᠥᠯᠥᠭᠡ᠂ 4 ᠰᠠᠷ᠎ᠠ ᠶᠢᠨ 20 ᠤ ᠡᠳᠦᠷ᠂ ︽ | ᠤᠩᠰᠢᠯᠭ᠎ᠠ ᠠᠴᠠ ᠦᠵᠡᠭᠰᠡᠨ ᠤᠮᠠᠷᠠᠲᠤ ᠬᠢᠯᠢ ᠪᠢᠴᠢᠭ ᠤᠨ ᠦᠨᠦᠷ ᠬᠠᠩᠬᠤᠯᠤᠭᠰᠠᠨ ᠹᠧᠩᠵᠧᠨ︾ ᠭᠡᠬᠦ ᠰᠢᠷᠢᠰ | ᠠᠵᠢᠯᠯᠠᠭ᠎ᠠ ᠶᠢᠨ ᠬᠡᠦᠬᠡᠳ ᠪᠠᠭᠠᠴᠤᠳ ᠤᠨ ᠪᠣᠳᠠᠰ ᠤᠨ ᠪᠤᠰᠤ ᠰᠣᠶᠣᠯ ᠤᠨ ᠥᠪ ᠢ ᠡᠳ᠋ᠯᠡᠵᠦ ᠴᠠᠭᠠᠰᠤᠨ ᠰᠢᠪᠠᠭᠤ | ᠵᠢᠷᠤᠵᠤ ᠬᠦᠰᠡᠯ ᠵᠡᠭᠦᠳᠦ ᠪᠠᠨ ᠲᠡᠷᠭᠡᠯᠰᠢᠭᠦᠯᠬᠦ ︽ᠤᠩᠰᠢᠯᠭ᠎ᠠ︾ ᠶᠢᠨ ᠭᠤᠣᠯ ᠰᠡᠳᠦᠪᠲᠦ ᠠᠵᠢᠯᠯᠠᠭ᠎ᠠ ᠹᠧᠩᠵᠧᠨ | ᠬᠤᠳᠠ ᠶᠢᠨ ᠨᠣᠮ ᠤᠨ ᠰᠠᠩ ᠳᠤ ᠪᠠᠶᠠᠷ ᠬᠦᠷ ᠲᠠᠢ ᠪᠠᠷ ᠡᠬᠢᠯᠡᠯ᠎ᠡ᠃ ᠲᠣᠰ ᠤᠳᠠᠭᠠᠨ ᠤ ᠠᠵᠢᠯᠯᠠᠭ᠎ᠠ ᠨᠢ | ᠪᠣᠳᠠᠰ ᠤᠨ ᠪᠤᠰᠤ ᠰᠣᠶᠣᠯ ᠤᠨ ᠥᠪ᠂ ᠤᠯᠠᠮᠵᠢᠯᠠᠯᠲᠤ ᠭᠠᠷ ᠤᠷᠠᠯᠠᠯ ᠪᠣᠯᠤᠨ ᠤᠩᠰᠢᠯᠭ᠎ᠠ ᠶᠢ ᠤᠷᠠᠨ ᠢᠶᠠᠷ | ᠠᠭᠤᠰᠤᠯᠴᠠᠭᠤᠯᠵᠤ᠂ ᠬᠡᠤᠬᠡᠳ ᠤᠳ ᠲᠤ ᠨᠢᠭᠡ ᠤᠳᠠᠭᠠᠨ ᠤ ᠰᠣᠨᠢᠷᠬᠠᠯ ᠢᠶᠠᠷ ᠲᠡᠭᠦᠯᠳᠡᠷ᠂ ᠭᠦᠨ ᠵᠤᠵᠠᠭᠠᠨ | ᠰᠣᠶᠣᠯ ᠤᠨ ᠠᠭᠤᠯᠬᠤᠨ ᠲᠠᠢ ᠬᠠᠪᠤᠷ ᠤᠨ ᠡᠳᠦᠷ ᠤᠨ ᠦᠪᠡᠳᠡᠭᠰᠢ ᠳᠠᠶᠢᠯᠠᠯᠭ᠎ᠠ ᠶᠢ ᠠᠪᠴᠢᠷᠠᠪᠠ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠩᠰᠢᠯᠭ᠎ᠠ ᠶᠢᠨ ᠳᠡᠯᠭᠡᠷᠡᠭᠦᠯᠦᠭᠴᠢ ᠨᠢ ᠦᠯᠢᠭᠡᠷ ᠤᠨ ᠡᠯᠴᠢ | ᠪᠤᠯᠤᠨ ᠬᠤᠪᠢᠷᠠᠵᠤ᠂ ᠪᠢᠴᠢᠬᠠᠨ ᠨᠠᠶᠢᠵᠠ ᠨᠠᠷ ᠢ ᠳᠠᠭᠠᠭᠤᠯᠤᠨ ᠥᠪᠡᠷᠮᠢᠴᠡ ᠣᠨᠴᠠᠯᠢᠭ ᠲᠠᠢ ᠵᠢᠷᠤᠭᠲᠤ ᠳᠡᠪᠲᠡᠷ ᠤᠨ | ᠤᠩᠰᠢᠯᠭ᠎ᠠ ᠶᠢᠨ ᠠᠶᠠᠯᠠᠯ ᠢ ᠡᠬᠢᠯᠡᠭᠦᠯᠪᠡ᠃ ᠪᠢᠴᠢᠬᠠᠨ ᠨᠠᠶᠢᠵᠠ ᠨᠠᠷ ᠲᠣᠭᠤᠷᠢᠨ ᠰᠠᠭᠤᠵᠠᠭᠠᠵᠤ᠂ ᠵᠢᠷᠤᠭ ᠤᠨ | ᠦᠯᠢᠭᠡᠷ ᠤᠨ ᠭᠠᠶᠢᠬᠠᠮᠰᠢᠭᠲᠤ ᠶᠢᠷᠲᠢᠨᠴᠦ ᠳᠤ ᠰᠣᠭᠲᠣᠭᠤᠷᠠᠵᠤ᠂ ᠬᠥᠮᠦᠰ ᠤᠨ ᠪᠠᠭ᠋ᠠᠷᠤᠯ ᠢ ᠲᠠᠲᠠᠭᠰᠠᠨ ᠦᠯᠢᠭᠡᠷ ᠨᠢ | ᠬᠡᠦᠬᠡᠳ ᠤᠳ ᠲᠤ ᠤᠩᠰᠢᠯᠭ᠎ᠠ ᠶᠢᠨ ᠪᠠᠶᠠᠷ ᠬᠦᠷ ᠲᠠᠢ ᠴᠠᠭ ᠮᠥᠴᠡ ᠶᠢ ᠡᠳ᠋ᠯᠡᠭᠦᠯᠪᠡ᠃ | | ᠵᠢᠷᠤᠭ ᠤᠨ ᠦᠯᠢᠭᠡᠷ ᠤᠨ ᠭᠤᠭᠴᠤᠭ᠎ᠠ ᠳᠠᠭᠤᠰᠤᠭᠰᠠᠨ ᠤ ᠳᠠᠷᠠᠭ᠎ᠠ᠂ ᠠᠵᠢᠯᠲᠠᠳ ᠬᠡᠦᠬᠡᠳ ᠤᠳ ᠲᠤ | ᠴᠠᠭᠠᠰᠤᠨ ᠰᠢᠪᠠᠭᠤ ᠬᠢᠬᠦ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠲᠡᠦᠬᠡ᠂ | ᠦᠢᠯᠡᠳᠬᠦ ᠤᠷ᠎ᠠ ᠮᠡᠷᠭᠡᠵᠢᠯ ᠪᠠ ᠰᠣᠶᠣᠯ ᠤᠨ ᠠᠭᠤᠯᠬᠤᠨ ᠢ ᠨᠠᠷᠢᠨ ᠲᠠᠨᠢᠯᠴᠠᠭᠤᠯᠪᠠ᠃ ᠬᠡᠤᠬᠡᠳ ᠤᠳ ᠨᠠᠷᠢᠨ | ᠬᠢᠨᠠᠮᠠᠭᠠᠶ ᠰᠣᠨᠣᠰᠴᠤ ᠪᠢᠴᠢᠬᠠᠨ ᠴᠠᠭᠠᠰᠤᠨ ᠰᠢᠪᠠᠭᠤᠨ ᠤ ᠠᠷᠤ ᠳᠤ ᠠᠭᠤᠯᠤᠭᠳᠠᠵᠤ ᠪᠠᠶᠢᠭ᠎ᠠ ᠭᠦᠨ ᠵᠤᠵᠠᠭᠠᠨ | ᠰᠣᠶᠣᠯ ᠤᠨ ᠠᠭᠤᠯᠬᠤᠨ ᠳᠤ ᠮᠠᠰᠢ ᠶᠡᠭᠡ ᠰᠣᠨᠢᠷᠬᠠᠯ ᠲᠠᠢ ᠪᠠᠶᠢᠯ᠎ᠠ᠃ ᠵᠠᠯᠭᠠᠭᠠᠳ ᠡᠴᠢᠭᠡ ᠡᠬᠡ ᠪᠠ ᠰᠠᠶᠢᠨ | ᠳᠤᠷ᠎ᠠ ᠶᠢᠨ ᠠᠵᠢᠯᠯᠠᠭᠴᠢ ᠶᠢᠨ ᠬᠠᠯᠠᠰᠢᠷᠠᠯ ᠦᠭᠡᠶ ᠵᠢᠯᠣᠭᠤᠳᠣᠯᠭ᠎ᠠ ᠳᠣᠣᠷ᠎ᠠ᠂ ᠬᠡᠦᠬᠡᠳ ᠤᠳ ᠵᠢᠷᠤᠭ ᠤᠨ ᠪᠢᠷ | ᠪᠠᠷᠢᠵᠤ᠂ ᠤᠷᠭᠠᠨᠢᠭ ᠪᠣᠳᠣᠯᠲᠠ ᠪᠠᠨ ᠭᠦᠢᠴᠡᠳ ᠪᠠᠳᠠᠷᠠᠭᠤᠯᠤᠨ᠂ ᠵᠢᠷᠤᠭ ᠤᠨ ᠦᠯᠢᠭᠡᠷ ᠠᠴᠠ ᠣᠯᠤᠭᠰᠠᠨ ᠠᠪᠢᠶᠠᠰ | ᠪᠢᠯᠢᠭ ᠢ ᠵᠣᠬᠢᠶᠠᠨ ᠪᠦᠲᠦᠭᠡᠯᠭᠡ ᠳᠤ ᠠᠭᠤᠰᠬᠠᠨ ᠰᠢᠩᠭᠡᠭᠡᠵᠦ᠂ ᠴᠠᠭᠠᠰᠤᠨ ᠰᠢᠪᠠᠭᠤᠨ ᠤ ᠳᠡᠭᠡᠷ᠎ᠡ | ᠦᠨᠳᠦᠰᠦᠲᠡᠨ ᠨᠦᠭᠦᠳ ᠤᠨ ᠥᠪᠡᠷᠮᠢᠴᠡ ᠳᠦᠷᠢ ᠲᠥᠷᠬᠦ ᠶᠢ ᠨᠠᠷᠢᠨ ᠨᠢᠮᠪᠠᠶ ᠵᠢᠷᠤᠭᠯᠠᠨ ᠭᠠᠷᠭᠠᠵᠤ᠂ ᠤᠳᠠᠯ ᠥᠬᠡᠶ | ᠥᠩᠭᠡ ᠢᠯᠭᠠᠷᠠᠮ᠎ᠠ᠂ ᠥᠪᠡᠷᠮᠢᠴᠡ ᠪᠦᠲᠦᠭᠡᠯᠴᠢ ᠴᠢᠨᠠᠷ ᠲᠠᠢ ᠴᠠᠭᠠᠰᠤᠨ ᠰᠢᠪᠠᠭᠤ ᠨᠤᠭᠤᠳ ᠢ ᠦᠢᠯᠡᠳᠴᠦ | ᠳᠠᠭᠤᠰᠬᠠᠪᠠ᠃ | | ᠳᠠᠷᠠᠭᠠᠴᠢ ᠪᠠᠷ ᠨᠢ᠂ ᠬᠡᠤᠬᠡᠳ ᠤᠳ ᠥᠪᠡᠷ ᠤᠨ ᠵᠢᠷᠤᠭᠰᠠᠨ ᠴᠠᠭᠠᠰᠤᠨ ᠰᠢᠪᠠᠭᠤ ᠪᠠᠨ ᠠᠪᠴᠤ ᠭᠠᠳᠠᠨ᠎ᠠ | ᠭᠠᠷᠴᠠᠭᠠᠵᠤ᠂ ᠦᠢᠮᠡᠯᠳᠦᠨ ᠤᠷᠠᠶᠢᠯᠠᠬᠤ ᠳᠠᠭᠤ ᠶᠢ ᠳᠠᠭᠠᠯᠳᠤᠨ ᠬᠡᠦᠬᠡᠳ ᠤᠳ ᠤᠨ ᠬᠦᠰᠡᠯ ᠮᠥᠷᠥᠭᠡᠳᠦᠯ ᠪᠣᠯᠤᠨ | ᠡᠭᠦᠳᠦᠨ ᠪᠦᠲᠦᠭᠡᠯᠲᠡ ᠶᠢ ᠠᠴᠢᠶᠠᠯᠠᠭᠰᠠᠨ ᠴᠠᠭᠠᠰᠤᠨ ᠰᠢᠪᠠᠭᠤ ᠰᠠᠯᠬᠢᠨ ᠤ ᠠᠶ᠎ᠠ ᠪᠠᠷ ᠬᠡᠶᠢᠰᠦᠨ᠂ ᠬᠥᠬᠡ | ᠣᠭᠲᠠᠷᠭᠤᠶ ᠳᠤ ᠳᠡᠭᠦᠯᠢᠨ᠎ᠡ᠃ ᠥᠪᠡᠷ ᠤᠨ ᠭᠠᠷ ᠢᠶᠠᠷ ᠢᠶᠠᠨ ᠵᠢᠷᠤᠭᠰᠠᠨ ᠴᠠᠭᠠᠰᠤᠨ ᠰᠢᠪᠠᠭᠤ ᠲᠩᠷᠢ ᠶᠢᠨ | ᠬᠠᠶᠠᠭᠠᠨ ᠳᠤ ᠬᠠᠯᠢᠨ ᠳᠡᠭᠦᠯᠢᠬᠦ ᠶᠢ ᠬᠠᠷᠠᠭᠠᠳ ᠬᠡᠦᠬᠡᠳ ᠤᠳ ᠤᠨ ᠴᠢᠷᠠᠶ ᠳᠤ ᠣᠮᠤᠭ ᠪᠠᠭ᠋ᠠᠳᠤᠯᠲᠤ ᠢᠨᠢᠶᠡᠮᠰᠦᠭᠯᠡᠯ | ᠲᠤᠳᠤᠷᠠᠨ᠎ᠠ᠃ | | | ᠵᠣᠬᠢᠶᠠᠭᠴᠢ᠄ ᠵᠢᠶᠠ ᠯᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |