| ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 18 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠠᠵᠢᠯ ᠣᠯᠭᠤᠯᠲᠠ ᠪᠠ ᠠᠵᠤ | ᠠᠬᠤᠢ ᠶᠢ ᠲᠣᠭᠲᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠰᠤᠳᠤᠯᠵᠤ᠂ | ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠠᠤᠯᠢ ︵ᠡᠬᠡ | ᠲᠥᠰᠥᠯ︶︾ ᠶᠢ ᠶᠠᠷᠢᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠭᠤᠮᠠᠯ ᠤᠨ ᠰᠢᠨ᠎ᠡ ᠦᠷ᠎ᠡ | ᠡᠭᠦᠯᠳᠡᠷ ᠢ ᠬᠠᠮᠠᠭᠠᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠳᠤ | ᠬᠠᠨᠳᠤᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠳᠣᠷᠬᠠᠶᠢᠯᠠᠭᠰᠠᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ | ᠲᠣᠭᠲᠠᠭᠠᠨ᠂ ᠰᠥᠷᠭᠡᠦ ᠦᠶᠡᠯᠡᠯ ᠤᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠪᠠ | ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠬᠡᠷᠡᠭᠯᠡᠭᠡ ᠶᠢ ᠠᠬᠢᠭᠤᠯᠤᠨ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ ᠪᠦᠲᠦᠴᠡ ᠶᠢ ᠰᠢᠯᠢᠳᠡᠭᠵᠢᠭᠦᠯᠦᠨ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠦᠨ᠂ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ | ᠠᠵᠢᠯ ᠣᠯᠭᠤᠯᠲᠠ ᠶᠢ ᠢᠳᠡᠪᠬᠢᠲᠡᠢ ᠲᠣᠭᠲᠠᠪᠤᠷᠢᠵᠢᠭᠤᠯᠤᠨ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠤᠨ | ᠡᠷᠴᠢᠮ ᠢ ᠴᠢᠩᠭᠠᠷᠠᠭᠤᠯᠵᠤ᠂ ᠬᠥᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠳᠡᠮᠵᠢᠯᠭᠡ ᠶᠢ ᠥᠷᠭᠡᠳᠬᠡᠵᠦ᠂ ᠠᠵᠢᠯ | ᠣᠯᠭᠤᠯᠲᠠ ᠳᠤ ᠤᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠭᠠᠳᠠᠭᠠᠳᠤ ᠠᠷᠠᠯᠵᠢᠶ᠎ᠠ ᠭᠠᠳᠠᠭᠠᠳᠤ | ᠪᠡᠯᠡ ᠶᠢᠨ ᠬᠥᠭᠵᠢᠯᠲᠡ ᠶᠢ ᠲᠣᠭᠲᠠᠪᠤᠷᠢᠵᠢᠭᠤᠯᠵᠤ᠂ ᠨᠢᠭᠡ ᠠᠵᠢᠯ ᠲᠦᠷᠦᠯ ᠳᠤ ᠨᠢᠭᠡ ᠠᠷᠭ᠎ᠠ ᠪᠣᠳᠣᠯᠭ᠎ᠠ᠂ ᠨᠢᠭᠡ ᠠᠵᠤ | ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠬᠢᠯᠢ ᠶᠢᠨ ᠳᠣᠲᠣᠭᠠᠳᠤ ᠳᠤ ᠳᠠᠬᠢᠨᠲᠠ ᠪᠡᠯᠡ ᠣᠷᠣᠭᠤᠯᠬᠤ ᠶᠢ ᠳᠡᠮᠵᠢᠬᠦ ᠬᠡᠷᠡᠭᠲᠡᠢ᠃ ᠨᠠᠰᠤᠵᠢᠯ ᠤᠨ | ᠠᠰᠠᠷᠠᠮᠵᠢ᠂ ᠦᠷᠡᠵᠢᠯ᠂ ᠰᠣᠶᠣᠯ᠂ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠵᠤ᠂ ᠪᠦᠲᠦᠮᠵᠢᠲᠡᠢ ᠪᠡᠯᠡ | ᠣᠷᠣᠭᠤᠯᠤᠯᠲᠠ ᠶᠢ ᠥᠷᠭᠡᠳᠬᠡᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠢᠳᠡᠪᠬᠢᠵᠢᠯ ᠢ ᠶᠡᠭᠡ ᠪᠠᠷ | ᠬᠥᠭᠵᠢᠭᠡᠬᠦ ᠬᠡᠷᠡᠭᠲᠡᠢ᠃ ᠰᠲ᠋ᠣᠺ ᠤᠨ ᠵᠠᠬ᠎ᠠ ᠳᠡᠯᠭᠡᠭᠦᠷ ᠢ ᠦᠷᠭᠦᠯᠵᠢᠯᠡᠨ ᠲᠣᠭᠲᠠᠪᠤᠷᠢᠵᠢᠭᠤᠯᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠡᠷᠡᠭᠦᠯ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ | ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠡᠷᠡᠭᠵᠢᠭᠦᠯᠦᠮᠡᠭᠴᠡ ᠠᠵᠤ ᠠᠬᠤᠶᠢᠯᠠᠯ ᠪᠠ ᠤᠯᠠᠨ ᠲᠦᠮᠡᠨ ᠳᠤ ᠰᠢᠭᠤᠳ ᠠᠰᠢᠭ | ᠬᠦᠷᠲᠡᠭᠡᠬᠦ ᠪᠣᠯᠭᠠᠵᠤ᠂ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭᠵᠢᠭᠦᠯᠬᠦ ᠦᠷ᠎ᠡ ᠪᠦᠲᠦᠮᠵᠢ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ︽3 · 15︾ ᠦᠳᠡᠰᠢᠯᠡᠭᠡ ᠪᠠᠷ ᠢᠯᠡᠴᠢᠯᠡᠭᠰᠡᠨ ᠠᠰᠠᠭᠤᠳᠠᠯ ᠢ | ᠰᠢᠢᠳᠪᠦᠷᠢᠯᠡᠬᠦ ᠠᠵᠢᠯ ᠨᠢᠭᠡᠨᠲᠡ ᠱᠠᠲᠤᠴᠢ ᠴᠢᠨᠠᠷᠲᠠᠢ ᠠᠬᠢᠴᠠ ᠲᠠᠢ ᠪᠣᠯᠵᠠᠢ᠂ ᠨᠢᠭᠡ ᠠᠴᠠ ᠨᠥᠭᠦᠭᠡ ᠶᠢ ᠵᠦᠢᠴᠢᠯᠡᠬᠦ᠂ | ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠ ᠤᠷᠢᠳᠴᠢᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠠᠯᠠᠮᠰᠢᠯ ᠳᠤ | ᠠᠩᠬᠠᠷᠤᠯ ᠢᠶᠠᠨ ᠲᠥᠪᠯᠡᠷᠡᠭᠦᠯᠦᠨ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ | ᠬᠡᠯᠬᠢᠶ᠎ᠡ ᠳᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ | ᠠᠳᠬᠤᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠠᠮᠤᠷ | ᠲᠦᠪᠰᠢᠨ ᠮᠥᠷᠲᠡᠭᠡᠨ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠨᠥᠬᠦᠴᠡᠯ ᠢ ᠪᠤᠶ ᠪᠣᠯᠭᠠᠬᠤ ᠬᠡᠷᠡᠭᠲᠡᠢ᠃ ᠦᠨᠳᠦᠰᠦᠨ | ᠱᠠᠲᠤᠨ ᠤ ᠬᠢᠨᠠᠨ ᠬᠠᠮᠢᠶᠠᠷᠬᠤ ᠴᠢᠳᠠᠪᠤᠷᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠦᠴᠦᠨ ᠢᠶᠠᠨ ᠦᠨᠳᠦᠰᠦᠨ ᠱᠠᠲᠤ ᠲᠡᠶᠢᠰᠢ ᠪᠠᠭᠤᠯᠭᠠᠬᠤ ᠶᠢ ᠠᠬᠢᠭᠤᠯᠵᠤ᠂ | ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠶᠢ ᠴᠢᠬᠤᠯᠠᠴᠢᠯᠠᠵᠤ᠂ ᠬᠢᠨᠠᠨ ᠬᠠᠮᠢᠶᠠᠷᠬᠤ ᠶᠢᠨ | ᠤᠷᠢᠳᠴᠢᠯᠠᠨ ᠮᠡᠳᠡᠬᠦ ᠴᠢᠨᠠᠷ᠂ ᠤᠨᠤᠪᠴᠢᠳᠠᠢ ᠴᠢᠨᠠᠷ ᠪᠠ ᠬᠤᠭᠤᠴᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠨᠡᠪᠲᠡ ᠬᠡᠯᠪᠡᠷᠢ ᠪᠦᠬᠦᠢ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠪᠦᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ | |