| 4 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠯᠦᠩ ᠱᠧᠩ ᠵᠤᠸᠠᠩ | ᠪᠠᠯᠭᠠᠰᠤ ᠪᠣᠯᠣᠨ ᠾᠧᠢ ᠲᠤ ᠲᠠᠢ ᠪᠠᠯᠭᠠᠰᠤᠨ ᠳᠤ ᠭᠦᠨᠵᠡᠭᠡᠢᠷᠡᠨ ᠬᠤᠯᠪᠣᠭᠳᠠᠯ ᠪᠦᠬᠦᠢ ᠠᠵᠢᠯ ᠢ ᠪᠠᠶᠢᠴᠠᠭᠠᠨ | ᠰᠤᠳᠤᠯᠵᠤ ᠬᠢᠨᠠᠨ ᠵᠢᠯᠣᠭᠤᠳᠪᠠ᠂ ᠬᠤᠲᠠ ᠶᠢᠨ ᠤᠳᠤᠷᠢᠳᠤᠯᠭ᠎ᠠ ᠫᠠᠩ ᠴᠤᠤ᠂ ᠵᠠᠩ ᠰᠢᠨ ᠤᠷᠤᠯᠴᠠᠪᠠ᠃ | | ᠯᠢ ᠶᠢᠩ ᠨᠠᠷ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ | ᠰᠠᠭᠤᠳᠠᠯ ᠤᠨ ᠬᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠦᠷᠦ ᠶᠢᠨ ᠨᠠᠢᠮᠠᠨ ᠲᠣᠭᠲᠠᠭᠠᠯ ᠤᠨ ᠵᠤᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠳᠤᠨ ᠤ ᠵᠠᠰᠠᠯᠲᠠ᠂ ᠦᠨᠳᠦᠰᠦᠨ ᠱᠠᠳᠤᠨ ᠤ ᠳᠠᠷᠤᠭᠠᠰᠤ ᠶᠢ ᠬᠥᠩᠭᠡᠷᠡᠭᠦᠯᠬᠦ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ᠂ ᠬᠥᠳᠡᠭᠡ ᠲᠤᠰᠬᠤᠨ ᠤ ᠤᠯᠠᠨ ᠡᠬᠢᠲᠦ ᠪᠣᠬᠢᠷᠲᠤᠯ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ᠂ ᠨᠢᠭᠡ ᠪᠠᠯᠭᠠᠰᠤ ᠵᠡᠭᠡᠯᠢ ᠨᠢᠭᠡ ᠪᠣᠳᠠᠲᠤ ᠶᠠᠪᠤᠳᠠᠯ ᠢ ᠥᠷᠨᠢᠭᠦᠯᠵᠦ ᠪᠠᠶᠢᠭ᠎ᠠ ᠪᠠᠶᠢᠳᠠᠯ | ᠵᠢᠴᠢ ᠶᠡᠷᠦᠩᠬᠡᠶᠢᠯᠡᠨ ᠵᠠᠰᠠᠬᠤ ᠲᠦᠷᠦ ᠶᠢᠨ ᠵᠢᠷᠤᠮᠵᠢᠭ᠍ᠰᠡᠨ ᠪᠠᠢᠭᠤᠯᠤᠯᠲᠠ᠂ ᠪᠣᠳᠠᠲᠤ ᠴᠤᠭᠴᠠ ᠶᠢᠨ ᠠᠵᠢᠯᠯᠠᠭᠠᠨ | ᠵᠡᠷᠭᠡ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠳᠤ ᠪᠣᠳᠠᠲᠠᠢ ᠱᠠᠭᠠᠷᠳᠠᠯᠭ᠎ᠠ | ᠳᠤᠷᠠᠳᠪᠠ᠃ | | ᠯᠢ ᠶᠢᠩ᠄ ᠲᠦᠷᠦ ᠶᠢᠨ ᠨᠠᠢᠮᠠᠨ ᠲᠣᠭᠲᠠᠭᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠦᠷᠦ ᠪᠠᠷᠢᠬᠤ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ᠂ ᠴᠢᠨᠠᠷ ᠰᠠᠶᠢᠲᠠᠢ ᠬᠦᠭᠵᠢᠯᠲᠡ ᠶᠢ | ᠲᠦᠷᠭᠡᠳᠬᠡᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠤᠴᠢᠷ ᠠᠴᠠ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨᠬᠦ | ᠨᠢᠭᠡᠳᠬᠡᠵᠦ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠤᠯᠠᠨ ᠲᠦᠮᠡᠨ ᠤ ᠬᠦᠰᠡᠯ ᠡᠷᠡᠮᠡᠯᠵᠡᠯ ᠳᠤ | ᠠᠩᠬᠠᠷᠤᠯ ᠢᠶᠠᠨ ᠲᠥᠪᠯᠡᠷᠡᠭᠦᠯᠦᠨ᠂ ︽ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠰᠠᠶᠢᠲᠤᠷ ᠭᠦᠢᠴᠡᠳᠬᠡᠵᠦ᠂ | ᠰᠤᠷᠲᠠᠯ ᠢᠶᠠᠨ ᠰᠠᠶᠢᠲᠤᠷ ᠬᠤᠪᠢᠷᠠᠭᠤᠯᠵᠤ᠂ ᠠᠰᠠᠭᠤᠳᠠᠯ ᠢ ᠰᠠᠶᠢᠲᠤᠷ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ | ︽ᠰᠤᠷᠤᠯᠴᠠᠬᠤ᠂ ᠪᠠᠶᠢᠴᠠᠭᠠᠬᠤ᠂ ᠰᠠᠶᠢᠵᠢᠷᠠᠭᠤᠯᠬᠤ᠂ ᠠᠬᠢᠭᠤᠯᠬᠤ︾ ᠲᠦᠷᠪᠡᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠢᠲᠤᠷ ᠬᠢᠵᠦ᠂ ᠥᠪᠡᠷ ᠢ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ | ᠨᠠᠶᠢᠲᠠᠪᠤᠷᠢᠵᠢᠭᠤᠯᠵᠤ᠂ ᠰᠤᠷᠤᠯᠴᠠᠭᠰᠠᠨ ᠶᠠᠰᠤ ᠴᠢᠨᠠᠷ ᠲᠠᠢ᠂ ᠪᠠᠶᠢᠴᠠᠭᠠᠭᠰᠠᠨ ᠡᠷᠴᠢᠮ ᠲᠠᠢ᠂ ᠥᠭᠡᠷᠡᠴᠢᠯᠡᠭᠰᠡᠨ | ᠦᠷ᠎ᠡ ᠪᠦᠳᠦᠮᠵᠢ ᠲᠠᠢ᠂ ᠠᠬᠢᠭᠤᠯᠤᠭᠰᠠᠨ ᠪᠣᠳᠠᠲᠤ ᠠᠮᠵᠢᠯᠲᠠ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠢ︔ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠨᠡᠩ ᠴᠤ ᠨᠠᠮ ᠢ ᠴᠢᠩᠭ᠎ᠠ ᠬᠠᠮᠢᠶᠠᠷᠴᠤ ᠨᠠᠮ ᠢ | ᠴᠢᠩᠭ᠎ᠠ ᠵᠠᠰᠠᠬᠤ᠂ ᠨᠠᠮ ᠤᠨ ᠲᠦᠷᠦ ᠪᠠᠷᠢᠬᠤ ᠰᠠᠭᠤᠷᠢ ᠶᠢ ᠵᠤᠵᠠᠭᠠᠳᠬᠠᠬᠤ ᠤᠷᠳᠤ ᠬᠤᠭᠤᠴᠠᠭᠠᠨ ᠤ ᠡᠭᠦᠷᠭᠡ | ᠪᠠᠶᠢᠵᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ᠂ | ᠰᠠᠨᠠᠭᠠᠴᠢᠯᠠᠭᠠᠠ ᠠᠴᠠ ᠪᠠᠨ ᠪᠠᠲᠤ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠯᠲᠠ ᠲᠠᠯᠪᠢᠬᠤ ᠠᠴᠠ ᠵᠢᠷᠦᠬᠡᠰᠢᠶᠡᠬᠦ᠂ | ᠬᠢᠨᠠᠯᠲᠠ ᠲᠠᠯᠪᠢᠬᠤ ᠳᠤᠷ᠎ᠠ ᠦᠭᠡᠢ᠂ ︽ᠰᠠᠶᠢᠮᠰᠤᠷᠠᠬᠤ︾ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠠᠵᠢᠯ ᠤᠨ | ᠠᠵᠢᠯᠯᠠᠭᠠᠨ ᠤ ᠥᠨᠳᠥᠷ ᠪᠦᠲᠦᠮᠵᠢᠲᠡᠢ ᠪᠠᠶᠢᠬᠤ᠂ ᠠᠰᠠᠭᠤᠳᠠᠯ ᠢ ᠰᠢᠢᠳᠪᠦᠷᠢᠯᠡᠬᠦ ᠳᠤ ᠠᠪᠤᠨ ᠳᠣᠣᠷ᠎ᠠ ᠪᠠᠨ | ᠠᠮᠵᠢᠯᠲᠠ ᠤᠯᠬᠤ ᠶᠢ ᠪᠠᠲᠤᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠤᠭᠲᠠᠭᠤᠨ ᠢᠶᠠᠷ | ᠠᠬᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ᠃ | | | ᠵᠤᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠣᠣ ᠵᠢᠶᠦ᠋ᠨ ᠵᠧᠦ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |