| 4 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠡᠯ᠎ᠡ ᠬᠡᠷᠡᠭ ᠡᠷᠬᠢᠯᠡᠬᠦ | ᠭᠠᠵᠠᠷ ᠤᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠦᠨ ᠳᠠᠭᠠᠭᠤᠯᠬᠤ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠨᠢᠭᠡ ᠪᠠᠯᠭᠠᠰᠤ ᠵᠡᠭᠡᠯᠢ ᠨᠢᠭᠡ ᠪᠣᠳᠠᠲᠤ ᠶᠠᠪᠤᠳᠠᠯ ᠢ | ᠥᠷᠨᠢᠭᠦᠯᠦᠭᠰᠡᠨ ᠪᠠᠶᠢᠳᠠᠯ ᠵᠡᠷᠭᠡ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠵᠤ ᠰᠢᠪᠠᠳᠠᠨ ᠵᠢᠯᠤᠭᠤᠳᠴᠤ᠂ ᠬᠤᠲᠠ ᠶᠢᠨ | ᠤᠳᠤᠷᠢᠳᠤᠯᠭ᠎ᠠ ᠴᠧᠨ ᠪᠥᠸᠧ ᠯᠢᠨ᠂ ᠶᠠᠩ ᠯᠠᠶ ᠴᠢᠤᠸᠠᠨ᠂ ᠵᠠᠩ ᠰᠢᠨ ᠤᠷᠤᠯᠴᠠᠪᠠ᠃ | | | | | | ᠯᠢ ᠶᠢᠩ ᠨᠡᠷ ᠤᠷᠢᠳ ᠬᠤᠵᠢᠳ ᠰᠢᠨ᠎ᠡ ᠬᠤᠲᠠ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ᠂ ᠰᠢᠨ᠎ᠡ ᠬᠤᠲᠠ | ᠲᠣᠭᠤᠷᠢᠭ ᠤᠨ ᠪᠢᠨ ᠾᠧ ᠨᠡᠶᠢᠭᠡᠮ ᠲᠣᠭᠤᠷᠢᠭ᠂ ᠠᠵᠤ ᠦᠢᠯᠡᠳᠪᠦᠷᠢ ᠶᠢᠨ ᠲᠣᠭᠤᠷᠢᠭ ᠤᠨ ᠵᠢᠩ ᠹᠧᠩ ᠡᠮᠨᠡᠯᠭᠡ ᠶᠢᠨ | ᠬᠤᠷᠢᠶᠠᠨ ᠤ ᠭᠤᠳᠤᠮᠵᠢ ᠶᠢᠨ ᠳᠣᠲᠣᠷᠠᠬᠢ ᠬᠠᠮᠢᠶᠠᠷᠤᠯᠲᠠ ᠶᠢᠨ ᠲᠣᠣᠷ ᠢ ᠥᠭᠡᠷᠡᠴᠢᠯᠡᠬᠦ ᠬᠡᠰᠡᠭ᠂ ᠠᠵᠤ ᠦᠢᠯᠡᠳᠪᠦᠷᠢ ᠶᠢᠨ | ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ᠂ ᠬᠠᠭᠤᠴᠢᠨ ᠬᠤᠲᠠ ᠲᠣᠭᠤᠷᠢᠭ ᠤᠨ ᠫᠢᠩ ᠠᠨ ᠨᠡᠶᠢᠭᠡᠮ ᠲᠣᠭᠤᠷᠢᠭ᠂ | ᠪᠸᠢ ᠴᠧᠩ ᠲᠣᠭᠤᠷᠢᠭ ᠤᠨ ᠬᠡᠷᠡᠭ ᠡᠷᠬᠢᠯᠡᠬᠦ ᠭᠠᠵᠠᠷ᠂ ᠪᠸᠢ ᠴᠧᠩ ᠲᠣᠭᠤᠷᠢᠭ ᠤᠨ ᠵᠢᠶᠠ ᠮᠧᠢ ᠪᠠᠭ᠎ᠠ ᠲᠣᠭᠤᠷᠢᠭ ᠵᠡᠷᠭᠡ | ᠭᠠᠵᠠᠷ ᠲᠤ ᠬᠦᠷᠴᠦ᠂ ᠡᠬᠡ ᠲᠠᠩᠰᠠ ᠶᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ᠂ ᠨᠢᠭᠡ ᠪᠠᠯᠭᠠᠰᠤ ᠵᠡᠭᠡᠯᠢ ᠨᠢᠭᠡ ᠪᠣᠳᠠᠲᠤ | ᠶᠠᠪᠤᠳᠠᠯ ᠢ ᠥᠷᠨᠢᠭᠦᠯᠦᠭᠰᠡᠨ ᠪᠠᠶᠢᠳᠠᠯ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠢᠴᠢ ᠡᠯ᠎ᠡ ᠶᠡᠷᠦᠩᠬᠡᠶᠢᠯᠡᠨ | ᠵᠠᠰᠠᠬᠤ ᠲᠥᠪ ᠢ ᠵᠢᠷᠤᠮᠵᠢᠭᠤᠯᠤᠨ ᠪᠠᠶᠢᠭᠤᠯᠬᠤ᠂ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠲᠤᠬᠠᠶ ᠶᠢᠨ ᠲᠠᠯᠠᠪᠤᠷ ᠲᠤᠨᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠲᠠᠷᠠᠭᠠᠴᠢ ᠶᠢᠨ | ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ | | | | | | ᠯᠢ ᠶᠢᠩ᠄ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠨ ᠱᠠᠲᠤᠨ ᠤ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠷᠬᠡ | ᠬᠠᠷᠢᠭᠤᠴᠠᠯᠭ᠎ᠠ ᠲᠣᠳᠣᠷᠬᠠᠢ᠂ ᠠᠵᠢᠯᠯᠠᠭᠠᠨ ᠤᠷᠤᠭᠰᠢᠲᠠᠢ᠂ ᠤᠯᠠᠨ ᠲᠦᠮᠡᠨ ᠳᠤ ᠲᠦᠭᠦᠮ ᠦᠵᠡᠭᠦᠯᠬᠦ ᠶᠢ ᠪᠡᠶᠡᠯᠡᠭᠦᠯᠵᠦ᠂ | ᠮᠠᠨ ᠤ ᠤᠯᠤᠰ ᠤᠨ ᠬᠤᠳᠠ ᠶᠢᠨ ᠤᠯᠤᠰ ᠲᠦᠷᠦ ᠶᠢᠨ ᠬᠠᠤᠯᠢ ᠴᠠᠭᠠᠵᠠ ᠶᠢᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ᠂ | ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠡᠯ᠎ᠡ ᠭᠠᠵᠠᠷ ᠤᠨ ᠬᠢᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠬᠥᠮᠦᠵᠢᠯ ᠦᠢᠯᠡᠳᠦᠯᠭᠡ ᠶᠢᠨ ᠬᠤᠶᠠᠷ ᠲᠠᠯ᠎ᠠ ᠶᠢ ᠠᠳᠬᠤᠬᠤ᠂ ᠬᠤᠶᠠᠷ ᠢ | ᠠᠬᠢᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠬᠥᠭᠵᠢᠯᠲᠡ ᠶᠢ | ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ᠂ ᠤᠯᠠᠨ ᠲᠦᠮᠡᠨ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ | ᠠᠵᠢᠯ ᠬᠢᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠪᠣᠯᠭᠠᠬᠤ ᠬᠡᠷᠡᠭᠲᠡᠢ︔ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠨᠠᠶᠢᠷᠠᠭᠤᠯᠤᠨ | ᠵᠣᠬᠢᠶᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ | ᠦᠢᠯᠡᠳᠦᠯ ᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ | ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ︽ᠪᠠᠭ᠎ᠠ ᠮᠤᠷᠢᠨ ᠲᠡᠷᠭᠡ︾ ᠵᠡᠷᠭᠡ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ | ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ ᠬᠡᠪᠡ᠃ | | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ | ᠡᠴᠦᠰ ᠤᠨ ᠰᠢᠭᠦᠯᠲᠡ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |