| ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠬᠤᠶᠠᠷ ᠢ ᠬᠦᠷᠢᠶᠡᠯᠡᠬᠦ ᠠᠵᠢᠯ ᠳᠤ | ᠴᠢᠬᠤᠯᠠ ᠵᠢᠭᠠᠪᠤᠷᠢ ᠥᠭᠴᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ | ᠠᠷᠠᠳ ᠢᠶᠠᠨ ᠬᠠᠶᠢᠷᠠᠯᠠᠬᠤ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠠᠷᠠᠳ ᠲᠦᠮᠡᠨ ᠤ ᠰᠢᠯᠢᠳᠡᠭ ᠤᠯᠠᠮᠵᠢᠯᠠᠯ | ᠪᠠ ᠣᠨᠴᠠᠭᠠᠶ ᠤᠯᠤᠰ ᠲᠥᠷᠥ ᠶᠢᠨ ᠳᠠᠪᠠᠭᠤᠯᠢᠭ ᠮᠥᠨ᠃ ᠰᠢᠨ᠎ᠡ ᠠᠶᠠᠨ ᠳᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠠᠵᠢᠯ ᠤᠨ | ᠲᠠᠰᠤᠷᠠᠯᠲᠠ ᠦᠭᠡᠢ ᠰᠢᠨ᠎ᠡ ᠳᠠᠪᠰᠢᠯᠲᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠵᠦ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠶᠢᠨ | ᠬᠦᠴᠢᠷ ᠵᠣᠪᠠᠭᠤᠷᠢ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ ᠥᠭᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠬᠥᠮᠥᠨ ᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠤᠯᠠᠮ ᠨᠢᠭᠡ ᠠᠯᠬᠤᠮ ᠪᠤᠶ ᠪᠤᠯᠭᠠᠬᠤ ᠬᠡᠷᠡᠭᠲᠡᠢ᠃ ᠴᠡᠷᠢᠭ ᠠᠩᠭᠢ ᠵᠣᠷᠢᠯᠲᠠ ᠶᠢᠨ ᠤᠬᠠᠮᠰᠠᠷ ᠢᠶᠠᠨ ᠪᠠᠲᠤ ᠪᠤᠢ | ᠪᠤᠯᠭᠠᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠢᠳᠡᠪᠬᠢᠲᠡᠢ ᠳᠡᠮᠵᠢᠵᠦ᠂ ᠪᠣᠳᠠᠲᠤ | ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠪᠤᠶᠠᠨ ᠦᠢᠯᠡᠳᠴᠦ ᠠᠰᠢᠭ ᠬᠦᠷᠲᠡᠭᠡᠬᠦ ᠬᠡᠷᠡᠭᠲᠡᠢ᠃ ᠴᠡᠷᠢᠭ ᠠᠩᠭᠢ ᠣᠷᠣᠨ | ᠨᠤᠲᠤᠭ ᠬᠤᠶᠠᠷ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ ᠴᠡᠷᠢᠭ ᠵᠠᠰᠠᠭ ᠴᠡᠷᠢᠭ ᠠᠷᠠᠳ ᠤᠨ ᠪᠠᠲᠤ ᠪᠠᠬᠢ ᠪᠦᠯᠬᠦᠮᠳᠡᠯ ᠢ | ᠪᠠᠬᠢᠵᠢᠭᠦᠯᠦᠨ ᠬᠥᠭᠵᠢᠭᠦᠯᠵᠦ᠂ ᠠᠷᠠᠳ ᠲᠦᠮᠡᠨ ᠢᠶᠠᠨ ᠬᠠᠶᠢᠷᠠᠯᠠᠬᠤ ᠴᠡᠷᠢᠭ ᠢᠶᠠᠨ ᠬᠠᠶᠢᠷᠠᠯᠠᠬᠤ ᠴᠠᠭ ᠦᠶ᠎ᠡ ᠶᠢᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠶᠡᠭᠡ ᠬᠤᠷᠠᠯ 4 | ᠰᠠᠷ᠎ᠠ ᠶᠢᠨ 23 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ | ᠤᠯᠠᠮᠵᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ | ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠪᠣᠯ ᠨᠠᠮ ᠠᠴᠠ ᠬᠤᠶᠠᠷ ᠢ ᠬᠦᠷᠢᠶᠡᠯᠡᠬᠦ ᠠᠵᠢᠯ ᠢ ᠤᠳᠤᠷᠢᠳᠤᠭᠰᠠᠨ ᠲᠡᠦᠬᠡᠨ | ᠲᠤᠷᠰᠢᠯᠭ᠎ᠠ ᠶᠢᠨ ᠳ᠋ᠦᠩᠨᠡᠯᠲᠡ ᠪᠠ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠪᠠᠶᠢᠵᠤ᠂ ᠰᠢᠨ᠎ᠡ ᠴᠠᠭ ᠦᠶ᠎ᠡ | ᠰᠢᠨ᠎ᠡ ᠠᠶᠠᠨ ᠳᠤ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ | ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠯᠢ ᠴᠢᠶᠠᠩ᠂ ᠣᠶᠢᠷ᠎ᠠ ᠶᠢᠨ ᠵᠢᠯ ᠠᠴᠠ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤ ᠡᠯ᠎ᠡ | ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠢ ᠬᠦᠷᠢᠶᠡᠯᠡᠬᠦ ᠠᠵᠢᠯ ᠢᠳᠡᠪᠬᠢᠲᠡᠢ ᠠᠬᠢᠴᠠ ᠲᠠᠢ ᠪᠣᠯᠵᠤ᠂ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠰᠢᠰᠲ᠋ᠧᠮ ᠨᠡᠩ ᠪᠦᠷᠢᠨᠰᠢᠵᠦ᠂ ᠨᠡᠶᠢᠭᠡᠮ ᠤᠨ ᠴᠡᠷᠢᠭ ᠢ | ᠬᠦᠷᠢᠶᠡᠯᠡᠬᠦ ᠵᠣᠬᠢᠶᠠᠨ ᠪᠠᠶᠢᠭᠤᠯᠤᠯᠲᠠ ᠪᠠ ᠦᠢᠯᠡᠴᠢᠯᠡᠭᠡᠨ ᠤ ᠲᠣᠣᠷ ᠨᠡᠩ ᠲᠡᠭᠦᠯᠳᠡᠷᠵᠢᠵᠦ᠂ ᠪᠦᠭᠦ ᠴᠡᠷᠢᠭ | ᠠᠩᠭᠢ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠢᠳᠡᠪᠬᠢᠲᠡᠢ ᠣᠷᠣᠯᠴᠠᠵᠤ᠂ ᠠᠶᠤᠯ ᠭᠠᠮᠰᠢᠭ ᠠᠴᠠ ᠠᠪᠤᠷᠠᠬᠤ᠂ | ᠳᠤᠮᠳᠠᠳᠤ ᠶᠢᠨ ᠬᠠᠷᠢᠶᠠᠲᠤ ᠨᠠᠷ ᠤᠨ ᠪᠤᠴᠠᠵᠤ ᠭᠠᠷᠬᠤ ᠠᠶᠠᠯᠠᠯ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠵᠤ | ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠣᠳᠣᠬᠠᠨ ᠤ ᠪᠠ ᠬᠤᠶᠢᠰᠢᠳᠠ ᠶᠢᠨ | ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠬᠤᠶᠠᠷ ᠢ ᠬᠦᠷᠢᠶᠡᠯᠡᠬᠦ ᠠᠵᠢᠯ ᠨᠢ ᠴᠡᠷᠢᠭ ᠠᠩᠭᠢ ᠪᠠ ᠣᠷᠣᠨ ᠨᠤᠲᠤᠭ ᠲᠠᠢ | ᠬᠠᠷᠢᠯᠴᠠᠵᠤ᠂ ᠴᠡᠷᠢᠭ ᠠᠷᠠᠳ ᠢ ᠪᠦᠯᠬᠦᠮᠳᠡᠭᠦᠯᠵᠦ᠂ ᠰᠡᠳᠬᠢᠯ ᠢ ᠨᠢᠭᠡᠳᠬᠡᠨ ᠬᠦᠴᠦ ᠶᠢ ᠬᠠᠮᠲᠤᠳᠬᠠᠬᠤ ᠴᠢᠬᠤᠯᠠ | ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ ᠢ ᠬᠤᠣᠰ ᠴᠢᠭᠯᠡᠯ ᠢᠶᠠᠷ ᠳᠡᠮᠵᠢᠬᠦ | ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠯᠢ ᠴᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠤᠬᠠᠮᠰᠠᠷ ᠪᠣᠯᠣᠨ ᠪᠦᠭᠦ ᠲᠠᠯ᠎ᠠ ᠶᠢᠨ ᠦᠵᠡᠯᠲᠡ ᠶᠢ ᠪᠠᠲᠤ ᠪᠤᠢ ᠪᠤᠯᠭᠠᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ | ᠪᠣᠯᠣᠨ ᠥᠭᠡᠷᠡᠴᠢᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ᠂ ᠴᠡᠷᠢᠭ ᠠᠩᠭᠢ ᠪᠣᠯᠣᠨ ᠣᠷᠣᠨ ᠨᠤᠲᠤᠭ ᠤᠨ ᠬᠠᠮᠵᠢᠯᠴᠠᠭ᠎ᠠ ᠶᠢ ᠨᠢᠭᠲᠠᠷᠠᠭᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠬᠡᠷᠡᠭᠲᠡᠢ᠃ ᠠᠯᠪᠠᠨ ᠳᠤ ᠪᠠᠶᠢᠭ᠎ᠠ ᠴᠡᠷᠢᠭ ᠪᠣᠯᠣᠨ ᠠᠯᠪᠠ ᠠᠴᠠ ᠬᠠᠯᠠᠭᠳᠠᠭᠰᠠᠨ | ᠴᠡᠷᠢᠭ ᠤᠨ ᠪᠣᠳᠠᠲᠠᠢ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠦᠢᠯᠡᠴᠢᠯᠡᠭᠡ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠴᠡᠷᠢᠭ ᠬᠥᠮᠥᠨ ᠤ ᠬᠠᠯᠠᠮᠵᠢᠯᠠᠵᠤ ᠪᠠᠶᠢᠭ᠎ᠠ ᠦᠷ᠎ᠡ | ᠬᠡᠦᠬᠡᠳ ᠤᠨ ᠬᠢᠨᠢ ᠰᠤᠷᠭᠠᠨ ᠬᠥᠮᠦᠵᠢᠯ᠂ ᠭᠡᠷ ᠪᠦᠯᠢ ᠶᠢᠨ ᠬᠢᠨ ᠤ ᠠᠵᠢᠯ ᠣᠯᠭᠤᠯᠲᠠ᠂ ᠡᠴᠢᠭᠡ ᠡᠬᠡ ᠶᠢᠨ ᠬᠢᠨᠢ | ᠨᠠᠰᠤᠵᠢᠯ ᠤᠨ ᠠᠰᠠᠷᠠᠮᠵᠢ ᠵᠡᠷᠭᠡ ᠠᠰᠠᠭᠤᠳᠠᠯ ᠢ ᠴᠢᠩ ᠰᠡᠳᠬᠢᠯ ᠠᠴᠠ ᠪᠠᠨ ᠬᠠᠪᠰᠤᠷᠤᠨ ᠰᠢᠢᠳᠪᠦᠷᠢᠯᠡᠵᠦ᠂ ᠴᠡᠷᠢᠭ ᠤᠨ | ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠠᠵᠢᠯ ᠣᠯᠵᠤ ᠦᠢᠯᠡᠰ ᠪᠣᠰᠬᠠᠬᠤ᠂ ᠠᠰᠠᠷᠠᠮᠵᠢ ᠬᠠᠷᠠᠭᠠᠯᠵᠠᠯ ᠪᠠ | ᠬᠦᠴᠢᠷᠳᠡᠯ ᠢ ᠨᠢ ᠬᠠᠪᠰᠤᠷᠤᠨ ᠲᠡᠳᠬᠦᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠴᠡᠷᠢᠭ | ᠠᠩᠭᠢ ᠶᠢᠨ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠳᠡᠮᠵᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ | ᠣᠷᠣᠨ ᠨᠤᠲᠤᠭ ᠲᠤ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠠᠮᠤᠷ ᠠᠮᠤᠭᠤᠯᠠᠩ ᠲᠣᠭᠲᠠᠭᠤᠨ ᠢ ᠬᠠᠮᠠᠭᠠᠯᠠᠬᠤ ᠵᠡᠷᠭᠡ | ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠭᠦᠨᠵᠡᠭᠡᠶᠢᠷᠡᠭᠦᠯᠬᠦ ᠳᠤᠮᠳᠠ ᠬᠤᠶᠠᠷ ᠢ ᠬᠦᠷᠢᠶᠡᠯᠡᠬᠦ ᠠᠵᠢᠯ ᠤᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠵᠢᠱᠢᠶᠡᠴᠢ ᠶᠢ ᠡᠭᠦᠳᠦᠨ | ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠨᠡᠶᠢᠭᠡᠮ ᠤᠨ ᠰᠠᠭᠤᠷᠢ ᠶᠢ ᠪᠠᠬᠢᠵᠢᠭᠦᠯᠦᠨ ᠥᠷᠭᠡᠳᠬᠡᠵᠦ᠂ | ᠨᠠᠮ ᠤᠨ ᠲᠥᠪ ᠬᠤᠷᠢᠶ᠎ᠠ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ ᠲᠤᠬᠠᠢ | ᠲᠣᠭᠲᠠᠭᠠᠯ ᠢ ᠤᠩᠰᠢᠨ ᠨᠡᠶᠢᠲᠡᠯᠡᠵᠦ᠂ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ | ᠲᠥᠯᠥᠭᠡᠯᠡᠭᠴᠢ ᠳᠤ ᠱᠠᠩᠨᠠᠯ ᠣᠯᠭᠤᠪᠠ᠃ ᠬᠤᠯᠪᠣᠭᠳᠠᠯ ᠪᠦᠬᠦᠢ ᠴᠡᠷᠢᠭ ᠠᠩᠭᠢ ᠪᠠ ᠣᠷᠣᠨ ᠨᠤᠲᠤᠭ ᠤᠨ ᠲᠥᠯᠥᠭᠡᠯᠡᠭᠴᠢ | ᠦᠭᠡ ᠬᠡᠯᠡᠪᠡ᠃ | ᠱᠢ ᠲᠠᠢ ᠹᠧᠩ᠂ ᠯᠢ ᠱᠤ᠋ ᠯᠧᠢ᠂ ᠵᠠᠩ ᠶᠢᠦ ᠰᠢᠶᠠ᠂ ᠸᠠᠩ ᠳ᠋ᠦᠩ ᠮᠢᠩ᠂ ᠦ᠋ ᠵᠧᠩ ᠯᠦᠩ᠂ ᠱᠧᠨ ᠶᠤᠸᠠᠢ ᠶᠤᠸᠠᠢ | ᠶᠡᠭᠡ ᠬᠤᠷᠠᠯ ᠳᠤ ᠣᠷᠣᠯᠴᠠᠪᠠ᠃ ᠴᠧᠨ ᠢ ᠴᠢᠨ ᠶᠡᠭᠡ ᠬᠤᠷᠠᠯ ᠢ ᠡᠷᠭᠢᠯᠡᠵᠡᠢ᠃ | ᠨᠡᠷᠡᠶᠢᠳᠦᠭᠳᠡᠭᠰᠡᠨ ᠪᠦᠭᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢᠨ ᠲᠥᠯᠥᠭᠡᠯᠡᠭᠴᠢ᠂ | ᠪᠦᠭᠦ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠴᠡᠷᠢᠭ ᠠᠩᠭᠢ ᠪᠠ | ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠵᠢᠴᠢ ᠬᠤᠶᠠᠷ ᠢ | ᠬᠦᠷᠢᠶᠡᠯᠡᠬᠦ ᠠᠵᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠣᠷᠣᠯᠴᠠᠵᠠᠢ᠃ | | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | ᠢᠷᠡᠯᠳᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ |