| ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ | ᠬᠤᠩ ᠱᠠ ᠪᠠ ᠪᠠᠯᠭᠠᠰᠤ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ︽ᠨᠢᠭᠡ | ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠲᠠᠪᠤᠨ ᠶᠡᠭᠡ ᠡᠭᠦᠷᠭᠡ ᠶᠢ | ᠪᠡᠶᠡᠯᠡᠭᠦᠯᠵᠦ᠂ ᠵᠢᠷᠭᠤᠭᠠᠨ ᠠᠵᠢᠯᠯᠠᠭ᠎ᠠ ᠥᠷᠨᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ | ᠠᠵᠢᠯ ᠢᠶᠠᠨ ᠦᠨᠡᠨᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠪᠠ᠃ ᠤᠢᠢᠷ᠎ᠠ ᠶᠢᠨ ᠡᠳᠦᠷ ᠤᠳ ᠲᠤ᠂ ᠬᠤᠩ | ᠱᠠ ᠪᠠ ᠪᠠᠯᠭᠠᠰᠤ ᠶᠢᠨ ᠬᠢᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠠᠯ᠎ᠠ ᠶᠢᠨ | ᠭᠤᠣᠯᠳᠠᠯᠭ᠎ᠠ ᠲᠠᠢ ᠬᠥᠮᠦᠰ ᠤᠨ ᠮᠡᠳᠡᠭᠡ ᠵᠠᠩᠭᠢ ᠶᠢ ᠤᠢᠢᠯᠠᠭᠠᠨ ᠵᠢᠭᠰᠠᠭᠠᠬᠤ ᠠᠵᠢᠯ ᠢ ᠦᠷᠨᠢᠭᠦᠯᠪᠡ᠃ ᠪᠥᠬᠦ | ᠲᠠᠯ᠎ᠠ ᠪᠠᠷ ᠪᠠᠶᠢᠷᠢᠯᠠᠭᠤᠯᠵᠤ᠂ ᠨᠢᠭᠡᠳᠦᠯᠲᠡᠶ ᠲᠥᠯᠥᠪᠯᠡᠨ ᠲᠤᠬᠢᠷᠠᠭᠤᠯᠪᠠ᠃ ᠬᠤᠩ ᠱᠠ ᠪᠠ ᠪᠠᠯᠭᠠᠰᠤ ᠶᠢᠨ | ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠢᠮᠠᠭᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠠᠵᠢᠯ ᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠭᠠᠨ ᠠᠳᠬᠤᠪᠠ᠃ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠦᠬᠦ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠲᠤᠬᠢᠷᠠᠭᠤᠯᠤᠨ | ᠪᠠᠶᠢᠷᠢᠯᠠᠭᠤᠯᠵᠤ᠂ ᠬᠠᠷᠢᠭᠤᠴᠠᠯᠭ᠎ᠠ᠂ ᠡᠭᠦᠷᠭᠡ ᠲᠣᠳᠣᠷᠬᠠᠢ᠂ ᠰᠡᠳᠬᠢᠴᠡ ᠲᠣᠳᠣᠷᠬᠠᠢ ᠪᠠᠶᠢᠬᠤ ᠶᠢ ᠪᠠᠲᠤᠯᠠᠵᠤ᠂ | ᠪᠠᠯᠭᠠᠰᠤ ᠲᠣᠰᠬᠤᠨ ᠬᠤᠶᠠᠷ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ | ᠬᠠᠩᠭᠠᠪᠠ᠃ ᠡᠯ᠎ᠡ ᠲᠣᠰᠬᠤᠨ ᠤ ᠬᠢᠨ ᠪᠠᠰᠠ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠡᠯ᠎ᠡ ᠵᠦᠢᠯ ᠤᠨ | ᠡᠭᠦᠷᠭᠡ ᠶᠢ ᠤᠯᠠᠮ ᠴᠢᠨᠠᠭᠰᠢᠳᠠ ᠨᠠᠷᠢᠯᠢᠭᠵᠢᠭᠤᠯᠪᠠ᠃ | | | | | ᠡᠷᠦᠬᠡ ᠳᠤ ᠲᠥᠪᠯᠡᠷᠡᠭᠦᠯᠦᠨ ᠣᠷᠣᠭᠤᠯᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠲᠣᠰᠬᠤᠨ ᠤ | ᠬᠤᠶᠠᠷ ᠵᠥᠪᠯᠡᠯ ᠪᠣᠯᠤᠨ ᠲᠣᠰᠬᠤᠨ ᠳᠤ ᠰᠠᠭᠤᠬᠤ ᠠᠵᠢᠯ ᠨᠢ ᠲᠠᠷᠢᠶᠠᠨ ᠭᠠᠵᠠᠷ᠂ ᠲᠠᠷᠢᠶᠠᠴᠢᠨ ᠡᠷᠦᠬᠡ ᠳᠤ | ᠭᠦᠨᠵᠡᠭᠡᠶᠢᠷᠡᠬᠦ ᠳᠤ᠂ ︽ᠡᠷᠦᠬᠡ ᠪᠦᠷᠢ ᠳᠤ ᠬᠦᠷᠴᠦ᠂ ᠪᠠᠶᠢᠳᠠᠯ ᠢ ᠲᠣᠳᠣᠷᠬᠠᠶᠢᠯᠠᠵᠤ᠂ ᠠᠰᠠᠭᠤᠳᠠᠯ ᠢ | ᠲᠣᠳᠣᠷᠬᠠᠶᠢᠯᠠᠬᠤ︾ ᠵᠠᠷᠴᠢᠮ ᠶᠣᠰᠣᠭᠠᠷ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ᠂ | ᠣᠷᠣᠯᠭ᠎ᠠ ᠪᠠᠭᠠᠲᠠᠶ ᠬᠥᠮᠦᠰ ᠵᠡᠷᠭᠡ ᠣᠨᠴᠠᠭᠠᠶ ᠬᠠᠮᠲᠤᠯᠢᠭ ᠲᠤ ᠭᠤᠤᠯᠳᠠᠯᠭ᠎ᠠ ᠲᠠᠢ ᠪᠠᠷ ᠠᠩᠬᠠᠷᠤᠯ ᠢᠶᠠᠨ | ᠲᠥᠪᠯᠡᠷᠡᠭᠦᠯᠵᠦ᠂ ᠣᠷᠣᠨ ᠰᠠᠭᠤᠴᠠ ᠶᠢᠨ ᠠᠮᠤᠷ ᠲᠦᠪᠰᠢᠨ᠂ ᠤᠤᠭᠤᠬᠤ ᠤᠰᠤᠨ ᠤ ᠠᠮᠤᠷ ᠲᠦᠪᠰᠢᠨ᠂ ᠡᠮ | ᠡᠮᠨᠡᠯᠭᠡ ᠶᠢᠨ ᠰᠤᠷᠭᠠᠨ ᠬᠥᠮᠦᠵᠢᠯ᠂ ᠳᠠᠷᠢᠵᠤ ᠲᠡᠵᠢᠭᠡᠨ ᠦᠷᠡᠵᠢᠭᠦᠯᠬᠦ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ | ᠴᠠᠷᠠᠭ᠎ᠠ ᠶᠢᠨ ᠲᠣᠭᠤᠷᠢᠨ ᠳᠤ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠵᠤ ᠳᠡᠩᠰᠡᠯᠡᠨ ᠲᠡᠮᠳᠡᠭᠯᠡᠪᠡ᠃ ᠣᠲᠣ | ᠪᠣᠯᠲᠠᠯ᠎ᠠ᠂ ᠨᠡᠶᠢᠲᠡ 500 ᠭᠠᠷᠤᠶ ᠡᠷᠦᠬᠡ ᠪᠠᠷ ᠰᠤᠷᠪᠤᠯᠵᠢᠯᠠᠵᠤ᠂ ︽ᠭᠤᠤᠯᠳᠠᠯᠭ᠎ᠠ ᠲᠠᠢ ᠬᠥᠮᠦᠰ ᠤᠨ ᠰᠠᠭᠤᠷᠢ | ᠮᠡᠳᠡᠭᠡ ᠵᠠᠩᠭᠢ ᠶᠢᠨ ᠬᠦᠰᠦᠨᠦᠭᠲᠦ︾ ᠶᠢ 500 ᠭᠠᠷᠤᠶ ᠬᠤᠪᠢ ᠲᠠᠭᠯᠠᠨ᠂ ᠡᠯ᠎ᠡ ᠲᠥᠷᠥᠯ ᠤᠨ ᠰᠠᠨᠠᠭᠤᠯᠭ᠎ᠠ ᠶᠢ | 60 ᠭᠠᠷᠤᠶ ᠬᠤᠪᠢ ᠴᠤᠭᠯᠠᠭᠤᠯᠵᠤ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠤᠨ ᠬᠥᠳᠡᠯᠦᠩᠭᠦᠶ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠭᠤᠮᠣᠳᠠᠯ ᠱᠠᠭᠠᠷᠳᠠᠯᠭ᠎ᠠ ᠶᠢ ᠲᠡᠮᠳᠡᠭᠯᠡᠯ ᠲᠠᠢ᠂ ᠠᠰᠠᠭᠤᠳᠠᠯ ᠢ | ᠮᠥᠷᠳᠡᠬᠦ ᠲᠠᠢ ᠪᠠᠶᠢᠬᠤ ᠶᠢ ᠦᠨᠡᠨᠬᠦ ᠪᠠᠲᠤᠯᠠᠪᠠ᠃ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠨᠢ ᠠᠷᠠᠳ ᠤᠨ | ᠰᠡᠳᠬᠢᠯ ᠲᠠᠢ ᠬᠤᠯᠪᠣᠭᠳᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠰᠤᠷᠪᠤᠯᠵᠢᠯᠠᠭ᠎ᠠ ᠶᠢ ᠬᠠᠮᠲᠤ ᠪᠠᠷ | ᠶᠠᠪᠤᠭᠤᠯᠬᠤ ᠶᠢ ᠪᠠᠷᠢᠮᠲᠠᠯᠠᠵᠤ᠂ ᠡᠷᠦᠬᠡ ᠳᠤ ᠬᠦᠷᠴᠦ ᠰᠤᠷᠪᠤᠯᠵᠢᠯᠠᠬᠤ ᠦᠶ᠎ᠡ ᠳᠤ᠂ ᠳᠥᠭᠦᠮ ᠣᠶᠢᠯᠠᠭᠠᠮᠵᠢᠲᠠᠶ | ᠦᠭᠡ ᠬᠡᠯᠡ ᠪᠠᠷ ᠣᠯᠠᠨ ᠲᠦᠮᠡᠨ ᠳᠤ ᠣᠳᠣᠬᠠᠨ ᠤ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠡᠮ ᠡᠮᠨᠡᠯᠭᠡ ᠶᠢᠨ ᠳᠠᠭᠠᠳᠬᠠᠯ᠂ ᠠᠵᠢᠯ ᠣᠯᠭᠤᠯᠲᠠ᠂ ᠰᠤᠷᠭᠠᠨ | ᠬᠥᠮᠦᠵᠢᠯ ᠵᠡᠷᠭᠡ ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠲᠠᠶᠢᠯᠪᠤᠷᠢᠯᠠᠨ ᠥᠭᠴᠦ᠂ | ᠣᠯᠠᠨ ᠲᠦᠮᠡᠨ ᠳᠤ ᠰᠢᠨ᠎ᠡ ᠬᠠᠭᠤᠴᠢᠨ ᠤ ᠬᠠᠷᠢᠴᠠᠭᠤᠯᠤᠯ ᠳᠤᠮᠳᠠ ᠠᠴᠠ ︽ᠠᠰᠢᠭ ᠬᠠᠮᠢᠭ᠎ᠠ ᠠᠴᠠ ᠢᠷᠡᠭᠰᠡᠨ ᠪᠣᠶ᠂ | ᠠᠴᠢ ᠶᠢ ᠬᠡᠨ ᠳᠤ ᠬᠠᠷᠢᠭᠤᠯᠬᠤ︾ ᠲᠥᠷᠥᠭᠳᠡᠯ ᠥᠭᠴᠦ᠂ ᠣᠯᠠᠨ ᠲᠦᠮᠡᠨ ᠨᠢᠭᠡᠪᠦᠷᠢ ᠶᠢ ᠨᠠᠮ ᠤᠨ ᠦᠭᠡ ᠶᠢ | ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠬᠤ ᠪᠤᠯᠭᠠᠪᠠ᠃ ᠳᠠᠷᠠᠭᠠᠴᠢ ᠶᠢᠨ ᠠᠯᠬᠤᠮ ᠳᠤ᠂ | ᠬᠤᠩ ᠱᠠ ᠪᠠ ᠪᠠᠯᠭᠠᠰᠤ ᠶᠢᠨ ᠬᠢᠨ ᠤᠯᠠᠨ ᠲᠦᠮᠡᠨ ᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠪᠠᠶᠢᠩᠭᠤ ᠶᠢᠨ ᠰᠤᠷᠪᠤᠯᠵᠢᠯᠠᠬᠤ ᠲᠣᠭᠲᠠᠴᠠ ᠶᠢ ᠪᠠᠶᠢᠭᠤᠯᠬᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ | ᠲᠣᠭᠲᠠᠴᠠ ᠶᠢ ᠨᠠᠶᠢᠳᠠᠪᠤᠷᠢᠵᠢᠭᠤᠯᠬᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠡᠷᠦᠬᠡ ᠳᠤ ᠬᠦᠷᠴᠦ ᠪᠠᠶᠢᠴᠠᠭᠠᠨ ᠢᠯᠡᠷᠡᠭᠦᠯᠦᠭᠰᠡᠨ ᠦᠷ᠎ᠡ ᠪᠦᠲᠦᠭᠡᠯ ᠢ | ᠲᠠᠷᠢᠶᠠᠴᠢᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠦᠨᠳᠦᠰᠦᠨ ᠱᠠᠲᠤᠨ ᠤ ᠬᠦᠴᠦᠨ | ᠴᠢᠳᠠᠯ ᠢᠶᠠᠨ ᠨᠡᠮᠡᠷᠢᠯᠡᠪᠡ᠃ | | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |