ᠵᠢᠤᠢ ᠪᠦᠦ ᠵᠤᠸᠠᠩ ᠪᠠᠯᠭᠠᠰᠤ ᠶᠢᠨ ᠬᠢᠨ ᠬᠠᠩᠰᠢ ᠶᠢᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/3
  ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠪᠣᠬᠢᠷᠲᠤᠯ ᠦᠭᠡᠶ᠂ ᠭᠠᠵᠠᠷ ᠠᠷᠪᠢᠯᠠᠬᠤ᠂ ᠠᠮᠢ ᠠᠬᠤᠶ ᠶᠢᠨ ᠣᠷᠣᠰᠢᠭᠤᠯᠭ᠎ᠠ ᠶᠢᠨ ᠠᠷᠭ᠎ᠠ ᠮᠠᠶ᠋ᠢᠭ ᠪᠣᠯᠤᠨ ᠪᠣᠯᠪᠠᠰᠤᠨ᠂ ᠣᠷᠴᠢᠨ ᠠᠬᠤᠶ ᠶᠢ ᠬᠠᠮᠠᠭᠠᠯᠠᠬᠤ᠂ ᠠᠷᠪᠢᠴᠢ ᠭᠠᠮᠲᠠᠶ ᠳᠠᠬᠢᠯᠭ᠎ᠠ ᠶᠢᠨ ᠠᠷᠭ᠎ᠠ ᠮᠠᠶ᠋ᠢᠭ ᠢ ᠰᠠᠨᠠᠭᠠᠴᠢᠯᠠᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠪᠣᠯᠤᠨ ᠵᠠᠩ ᠳᠠᠳᠬᠠᠯ ᠢ ᠥᠭᠡᠷᠡᠴᠢᠯᠡᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠲᠤᠰᠠᠳᠠ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠵᠢᠤᠢ ᠪᠦᠦ ᠵᠤᠸᠠᠩ ᠪᠠᠯᠭᠠᠰᠤ ᠶᠢᠨ ᠬᠢᠨ 4 ᠰᠠᠷ᠎ᠠ ᠶᠢᠨ 1 ᠤ ᠡᠳᠦᠷ ︽ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠣᠯᠪᠠᠰᠤᠨ ᠲᠠᠬᠢᠯᠭ᠎ᠠ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠰᠤᠷᠲᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠢ ᠪᠣᠬᠢᠷᠲᠤᠯ ᠥᠬᠡᠶ᠂ ᠪᠣᠯᠪᠠᠰᠤᠨ᠂ ᠰᠢᠨᠵᠢᠯᠡᠬᠦ ᠤᠬᠠᠭᠠᠨᠴᠢ ᠲᠠᠬᠢᠯᠭ᠎ᠠ ᠶᠢᠨ ᠣᠶᠢᠯᠠᠭᠠᠭᠳᠠᠬᠤᠨ ᠲᠠᠢ ᠪᠣᠯᠭᠠᠬᠤ ᠪᠠᠷ ᠬᠥᠲᠥᠯᠦᠨ ᠵᠢᠯᠣᠭᠤᠳᠪᠠ᠃
   ᠲᠣᠰ ᠤᠳᠠᠭᠠᠨ ᠤ ᠠᠵᠢᠯᠯᠠᠭ᠎ᠠ ᠶᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠤᠯᠪᠣᠭᠠᠲᠤ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ᠂ ᠮᠠ ᠵᠢᠶᠠ ᠺᠦ᠋ ᠯᠢᠶᠠᠨ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠬᠢᠨ ᠬᠠᠮᠲᠤᠷᠠᠨ ᠤᠬᠠᠭᠤᠯᠵᠤ᠂ ᠪᠦᠷᠢᠶ᠎ᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠶᠠᠩᠭᠠᠷ ᠪᠥᠵᠢᠭ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠬᠡᠯᠪᠡᠷᠢ ᠪᠠᠷ ᠳᠠᠮᠵᠢᠭᠤᠯᠤᠨ ᠬᠠᠷᠢᠶ᠎ᠠ ᠣᠷᠣᠨ ᠳᠠᠭᠠᠨ ᠲᠣᠭᠤᠷᠢᠨ ᠤᠬᠠᠭᠤᠯᠪᠠ᠃ ᠤᠬᠠᠭᠤᠯᠭ᠎ᠠ ᠶᠢᠨ ᠶᠠᠪᠤᠴᠠ ᠳᠤ ᠠᠵᠢᠯᠲᠠᠳ ᠣᠯᠠᠨ ᠲᠦᠮᠡᠨ ᠳᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠪᠣᠯᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠬᠠᠩᠰᠢ ᠶᠢᠨ ᠡᠳᠦᠷ ᠤᠨ ᠳᠠᠬᠢᠯᠭ᠎ᠠ ᠬᠢᠬᠦ ᠳᠡᠭᠡᠨ ᠰᠣᠷᠭᠤᠭ ᠴᠡᠴᠡᠭ ᠬᠦᠷᠭᠡᠬᠦ᠂ ᠮᠣᠳᠣ ᠳᠠᠷᠢᠵᠤ ᠨᠣᠭᠤᠭᠠᠷᠠᠭᠤᠯᠬᠤ᠂ ᠰᠦᠯᠵᠢᠶ᠎ᠡ ᠪᠠᠷ ᠳᠠᠬᠢᠬᠤ ᠵᠡᠷᠭᠡ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠬᠡᠯᠪᠡᠷᠢ ᠪᠠᠷ ᠨᠥᠭᠴᠢᠭᠰᠡᠳ ᠤᠨ ᠲᠤᠬᠠᠶ ᠭᠠᠰᠢᠭᠤᠳᠠᠯ ᠢᠶᠠᠨ ᠢᠯᠡᠳᠬᠡᠬᠦ ᠶᠢ ᠵᠤᠷᠢᠭᠵᠢᠭᠤᠯᠪᠠ᠃ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠤᠬᠠᠶ ᠣᠯᠠᠨ ᠲᠦᠮᠡᠨ ᠤ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠤᠢ ᠪᠦᠦ ᠵᠤᠸᠠᠩ ᠪᠠᠯᠭᠠᠰᠤᠨ ᠤ ᠪᠣᠯᠪᠠᠰᠤᠨ ᠣᠷᠣᠰᠢᠭᠤᠯᠭ᠎ᠠ ᠶᠢᠨ ᠠᠵᠢᠯ ᠢ ᠭᠦᠨᠵᠡᠭᠡᠶ ᠥᠷᠨᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠪᠠ᠃
   ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠡᠯᠪᠡᠭ ᠪᠠᠶᠠᠯᠢᠭ ᠣᠯᠠᠨ ᠶᠠᠩᠵᠤ ᠶᠢᠨ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠠᠷᠢᠯᠭᠠᠨ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠵᠤ᠂ ᠵᠢᠤᠢ ᠪᠦᠦ ᠵᠤᠸᠠᠩ ᠪᠠᠯᠭᠠᠰᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠪᠣᠯᠪᠠᠰᠤᠨ ᠰᠢᠨ᠎ᠡ ᠬᠡᠪ ᠰᠤᠷᠲᠠᠯ ᠢ ᠨᠡᠮᠡᠷᠢᠯᠡᠭᠰᠡᠨ ᠪᠠᠶᠢᠨ᠎ᠠ᠃        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3