| 4 ᠰᠠᠷ᠎ᠠ ᠶᠢᠨ 1 ᠤ ᠡᠳᠦᠷ᠂ ᠹᠧᠩᠵᠧᠨ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ︽ | ᠭᠠᠶᠢᠯᠢ ᠲᠠᠲᠠᠪᠤᠷᠢ ᠬᠠᠤᠯᠢ ᠪᠠᠷ ᠵᠠᠰᠠᠬᠤ ᠲᠦᠪ ᠭᠤᠤᠯᠴᠢ︾ — ᠭᠤᠴᠢᠨ ᠳᠦᠷᠪᠡᠳᠦᠭᠡᠷ ᠪᠥᠬᠦ ᠤᠯᠤᠰ ᠤᠨ | ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠭᠠᠶᠢᠯᠢ | ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠬᠥᠰᠢᠭᠡ ᠶᠢ ᠵᠢᠩᠬᠢᠨᠢ ᠪᠠᠷ ᠰᠡᠭᠦᠪᠡ᠃ | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠭᠠᠶᠢᠯᠢ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ | ᠨᠡᠶᠢᠲᠡᠯᠢᠭ ᠬᠡᠷᠡᠭ ᠢ ᠢᠯᠡ ᠪᠠᠷ ᠢᠯᠡᠴᠢᠯᠡᠬᠦ᠂ ᠭᠠᠶᠢᠯᠢ ᠲᠤᠰᠢᠶᠠᠭᠴᠢ ᠶᠢᠨ ᠢᠲᠡᠭᠡᠮᠵᠢ ᠶᠢᠨ ᠵᠡᠷᠭᠡ ᠳᠡᠰ ᠢ ᠦᠨᠡᠯᠡᠬᠦ | ᠬᠠᠮᠢᠶ᠎ᠠ ᠪᠥᠬᠦᠶ ᠲᠦᠷᠢᠮ ᠢ ᠲᠦᠭᠡᠮᠡᠯᠵᠢᠭᠦᠯᠬᠦ᠂ ᠭᠠᠶᠢᠯᠢ ᠲᠠᠲᠠᠪᠤᠷᠢᠯᠠᠬᠤ ᠪᠠ ᠲᠤᠰᠢᠶᠠᠬᠤ ᠶᠢ ᠬᠠᠷᠢᠯᠴᠠᠨ | ᠬᠦᠳᠡᠯᠦᠯᠴᠡᠭᠦᠯᠵᠦ ᠭᠠᠶᠢᠯᠢ ᠶᠢᠨ ᠶᠠᠪᠤᠳᠠᠯ ᠭᠦᠢᠴᠡᠳᠭᠡᠬᠦ ᠳᠤ ᠠᠷᠠᠳ ᠲᠤ ᠲᠥᠬᠦᠮ ᠦᠵᠡᠭᠦᠯᠬᠦ ᠵᠡᠷᠭᠡ ᠠᠷᠭ᠎ᠠ | ᠮᠠᠶ᠋ᠢᠭ ᠢ ᠥᠷᠨᠢᠭᠦᠯᠬᠦ ᠪᠠᠷ ᠳᠠᠮᠵᠢᠭᠤᠯᠤᠨ᠂ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠤᠯᠢ ᠶᠢ | ᠡᠷᠬᠢᠮᠯᠡᠵᠦ ᠬᠠᠤᠯᠢ ᠶᠢ ᠰᠤᠷᠤᠯᠴᠠᠵᠤ ᠬᠠᠤᠯᠢ ᠶᠢ ᠰᠠᠬᠢᠵᠦ ᠬᠠᠤᠯᠢ ᠶᠢ ᠬᠡᠷᠡᠭᠯᠡᠬᠦ ᠶᠢ ᠬᠥᠲᠥᠯᠦᠨ ᠵᠢᠯᠣᠭᠤᠳᠴᠤ᠂ | ᠬᠠᠤᠯᠢ ᠶᠣᠰᠣᠭᠠᠷ ᠦᠨᠡᠨᠴᠢ ᠢᠲᠡᠭᠡᠮᠵᠢᠲᠡᠶ ᠪᠠᠷ ᠭᠠᠶᠢᠯᠢ ᠲᠤᠰᠢᠶᠠᠬᠤ ᠤᠬᠠᠮᠰᠠᠷ ᠢ ᠴᠢᠩᠭᠠᠳᠬᠠᠪᠠ᠃ | | ᠣᠶᠢᠯᠠᠭᠠᠭᠰᠠᠨ ᠢᠶᠠᠷ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭ᠎ᠠ ᠨᠢ ᠨᠢᠭᠡ ᠰᠠᠷ᠎ᠠ | ᠪᠠᠶᠢᠵᠤ᠂ ᠹᠧᠩᠵᠧᠨ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠢᠨ ᠤᠬᠠᠭᠤᠯᠭ᠎ᠠ ᠶᠢᠨ ᠰᠠᠷ᠎ᠠ ᠶᠢᠨ | ᠬᠤᠭᠤᠴᠠᠭᠠᠨ ᠳᠤ ᠠᠯᠢ ᠣᠯᠠᠨ ᠡᠯᠪᠡᠭ ᠪᠠᠶᠠᠯᠢᠭ ᠣᠯᠠᠨ ᠶᠠᠩᠵᠤ ᠶᠢᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠭᠠᠶᠢᠯᠢ ᠲᠠᠲᠠᠪᠤᠷᠢ ᠶᠢᠨ ︽ᠰᠠᠶᠢᠨ ᠲᠠᠭᠤᠨ︾ ᠢ ᠥᠷᠭᠡᠨ ᠢᠶᠠᠷ | ᠳᠠᠮᠵᠢᠭᠤᠯᠵᠤ᠂ ᠭᠠᠶᠢᠯᠢ ᠲᠤᠰᠢᠶᠠᠭᠴᠢ᠂ ᠰᠦᠢᠳᠭᠡᠯ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠪᠠ | ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠪᠣᠯᠤᠨ᠎ᠠ᠃ | | | ᠵᠣᠬᠢᠶᠠᠭᠴᠢ᠄ ᠵᠢᠶᠠ ᠯᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |