| ᠪᠣᠷᠳᠣᠵᠤ ᠲᠠᠷᠭᠤᠯᠠᠭᠤᠯᠬᠤ ᠬᠤᠨᠢ ᠪᠣᠯ ᠬᠤᠨᠢ ᠲᠡᠵᠢᠭᠡᠬᠦ ᠶᠢᠨ ᠭᠤᠣᠯ ᠴᠢᠭᠯᠡᠯ ᠮᠥᠨ᠂ ᠪᠣᠷᠳᠣᠵᠤ | ᠲᠠᠷᠭᠤᠯᠠᠭᠤᠯᠬᠤ ᠬᠤᠨᠢ ᠶᠢ ᠵᠦᠢ ᠵᠣᠬᠢᠰᠲᠠᠢ ᠪᠠᠷ ᠲᠡᠵᠢᠭᠡᠨ ᠦᠷᠡᠵᠢᠭᠦᠯᠬᠦ ᠨᠢ ᠲᠡᠵᠢᠭᠡᠨ ᠦᠷᠡᠵᠢᠭᠦᠯᠬᠦ ᠦᠷ᠎ᠡ | ᠠᠰᠢᠭ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠪᠣᠷᠳᠣᠵᠤ ᠲᠠᠷᠭᠤᠯᠠᠭᠤᠯᠬᠤ ᠬᠤᠨᠢ ᠶᠢ ᠲᠡᠵᠢᠭᠡᠬᠦ ᠳᠡᠭᠡᠨ | ᠠᠷᠭ᠎ᠠ ᠪᠠᠨ ᠵᠣᠬᠢᠰᠲᠠᠢ ᠥᠭᠡᠷᠡᠴᠢᠯᠡᠬᠦ ᠶᠢ ᠠᠩᠬᠠᠷᠴᠤ᠂ ᠪᠣᠷᠳᠣᠵᠤ ᠲᠠᠷᠭᠤᠯᠠᠭᠤᠯᠬᠤ ᠬᠤᠨᠢᠨ ᠤ ᠡᠷᠡᠭᠦᠯ ᠢᠶᠠᠷ | ᠪᠤᠶᠢᠵᠢᠬᠤ ᠶᠢ ᠪᠠᠲᠤᠯᠠᠪᠠᠯ ᠰᠠᠶ᠋ᠢ ᠪᠣᠷᠳᠣᠵᠤ ᠲᠠᠷᠭᠤᠯᠠᠭᠤᠯᠬᠤ ᠬᠤᠨᠢᠨ ᠤ ᠦᠷ᠎ᠡ ᠠᠰᠢᠭ ᠢ ᠳᠡᠭᠡᠭᠰᠢᠯᠡᠭᠦᠯᠵᠦ | ᠴᠢᠳᠠᠨ᠎ᠠ᠃ | ᠬᠤᠷᠠᠭ᠎ᠠ ᠰᠣᠩᠭᠤᠬᠤ᠄ ᠬᠤᠷᠠᠭ᠎ᠠ ᠰᠣᠩᠭᠤᠬᠤ ᠳᠠᠭᠠᠨ ᠥᠰᠦᠯᠲᠡ ᠶᠢᠨ ᠪᠠᠶᠢᠳᠠᠯ ᠢ ᠠᠩᠬᠠᠷᠤᠨ ᠠᠵᠢᠭᠯᠠᠬᠤ | ᠬᠡᠷᠡᠭᠲᠡᠢ᠃ ᠬᠥᠳᠡᠯᠭᠡᠭᠡᠨ ᠶᠡᠭᠡ᠂ ᠳᠡᠭᠵᠢᠨ ᠬᠤᠷᠠᠭ᠎ᠠ ᠶᠢ ᠰᠣᠩᠭᠤᠵᠤ ᠪᠣᠯᠬᠤ ᠦᠭᠡᠢ᠂ ᠬᠠᠷᠢᠨ ᠨᠠᠮ ᠳᠥᠯᠭᠡᠨ | ᠨᠣᠮᠣᠬᠠᠨ ᠪᠠᠶᠢᠬᠤ ᠪᠠᠷ ᠭᠤᠣᠯ ᠪᠣᠯᠭᠠᠬᠤ ᠬᠡᠷᠡᠭᠲᠡᠢ᠂ ᠢᠩᠭᠢᠪᠡᠯ ᠪᠣᠷᠳᠣᠵᠤ ᠲᠠᠷᠭᠤᠯᠠᠭᠤᠯᠬᠤ ᠦᠷ᠎ᠡ ᠠᠰᠢᠭ ᠨᠢ | ᠨᠡᠯᠢᠶᠡᠳ ᠰᠠᠶᠢᠨ ᠪᠠᠶᠢᠳᠠᠭ᠃ ᠤᠴᠢᠷ ᠨᠢ ᠡᠳᠦᠷ ᠲᠤᠲᠤᠮ ᠤᠨ ᠬᠤᠷᠣᠭᠳᠠᠯ ᠤᠨ ᠬᠡᠮᠵᠢᠶ᠎ᠡ ᠨᠢ ᠠᠷᠪᠢᠨ ᠪᠢᠰᠢ | ᠪᠣᠯᠬᠤᠷ ᠵᠣᠬᠢᠬᠤ ᠬᠡᠮᠵᠢᠶᠡᠨ ᠤ ᠪᠣᠷᠳᠣᠬᠤ ᠦᠷ᠎ᠡ ᠳ᠋ᠦᠩ ᠳᠤ ᠬᠦᠷᠴᠦ ᠴᠢᠳᠠᠨ᠎ᠠ᠃ ᠳᠠᠷᠠᠭ᠎ᠠ ᠨᠢ ᠪᠠᠰᠠ | ᠡᠪᠡᠳᠴᠢᠨ ᠢ ᠡᠰᠡᠷᠭᠦᠴᠡᠬᠦ᠂ ᠲᠡᠵᠢᠭᠡᠯ ᠢᠳᠡᠬᠦ ᠵᠢᠴᠢ ᠮᠢᠬ᠎ᠠ ᠭᠠᠷᠬᠤ ᠵᠡᠷᠭᠡ ᠡᠯ᠎ᠡ ᠲᠠᠯ᠎ᠠ ᠶᠢᠨ ᠡᠯᠧᠮᠧᠨ᠋ᠲ ᠢ | ᠪᠣᠳᠣᠯᠬᠢᠯᠠᠬᠤ ᠬᠡᠷᠡᠭᠲᠡᠢ᠃ | ᠲᠡᠵᠢᠭᠡᠬᠦ ᠠᠷᠭ᠎ᠠ᠄ ᠬᠡᠷᠪᠡ ᠬᠠᠷᠢᠭᠤᠯᠵᠤ ᠲᠡᠵᠢᠭᠡᠬᠦ ᠪᠠᠷ ᠭᠤᠣᠯ ᠪᠣᠯᠭᠠᠪᠠᠯ᠂ ᠡᠳᠦᠷ ᠪᠦᠷᠢ ᠬᠤᠶᠠᠷ ᠤᠳᠠᠭ᠎ᠠ | ᠲᠡᠵᠢᠭᠡᠯ ᠨᠥᠬᠦᠪᠦᠷᠢᠯᠡᠵᠦ᠂ ᠨᠠᠷᠢᠯᠢᠭ ᠲᠡᠵᠢᠭᠡᠯ ᠨᠥᠬᠦᠪᠦᠷᠢᠯᠡᠬᠦ ᠪᠠᠷ ᠭᠤᠣᠯ ᠪᠣᠯᠭᠠᠵᠤ᠂ ᠤᠭᠤᠷᠠᠭ ᠪᠣᠯᠣᠨ | ᠡᠨᠧᠷᠭᠢ ᠶᠢᠨ ᠬᠠᠷᠢᠴᠠᠯ ᠢ ᠪᠠᠲᠤᠯᠠᠨ᠎ᠠ᠃ ᠬᠡᠷᠪᠡ ᠬᠠᠰᠢᠶᠠᠯᠠᠨ ᠲᠡᠵᠢᠭᠡᠬᠦ ᠳᠤ ᠬᠦᠷᠪᠡᠯ᠂ ᠪᠠᠭ᠎ᠠ ᠬᠡᠮᠵᠢᠶ᠎ᠡ ᠪᠠᠷ ᠠᠷᠪᠢᠨ | ᠤᠳᠠᠭ᠎ᠠ ᠲᠡᠵᠢᠭᠡᠬᠦ ᠪᠠᠷ ᠭᠤᠣᠯ ᠪᠣᠯᠭᠠᠨ᠎ᠠ᠃ ᠲᠡᠵᠢᠭᠡᠯ ᠨᠥᠬᠦᠬᠦ ᠴᠠᠭ ᠢ ᠡᠳᠦᠷ ᠪᠦᠷᠢ ᠶᠢᠨ ᠥᠷᠯᠥᠭᠡ ᠣᠷᠣᠢ ᠶᠢᠨ | ᠳᠤᠯᠠᠭᠠᠨ ᠤ ᠬᠡᠮᠵᠢᠶ᠎ᠡ ᠥᠨᠳᠥᠷ ᠪᠢᠰᠢ ᠦᠶ᠎ᠡ ᠳᠤ ᠬᠢᠵᠠᠭᠠᠷᠯᠠᠨ᠎ᠠ᠃ ᠲᠡᠵᠢᠭᠡᠯ ᠪᠣᠷᠳᠤᠭ᠎ᠠ ᠶᠢ ᠵᠣᠬᠢᠰᠲᠠᠢ | ᠲᠣᠬᠢᠷᠠᠭᠤᠯᠵᠤ᠂ ᠪᠦᠳᠦᠭᠦᠯᠢᠭ ᠪᠣᠷᠳᠤᠭ᠎ᠠ ᠪᠠᠷ ᠭᠤᠣᠯ ᠪᠣᠯᠭᠠᠵᠤ᠂ ᠨᠠᠷᠢᠯᠢᠭ ᠪᠣᠷᠳᠤᠭ᠎ᠠ ᠪᠠᠷ ᠬᠠᠪᠰᠤᠷᠤᠮᠵᠢ | ᠪᠣᠯᠭᠠᠬᠤ ᠬᠡᠷᠡᠭᠲᠡᠢ᠃ ᠤᠳᠠᠭ᠎ᠠ ᠪᠦᠷᠢ ᠲᠡᠵᠢᠭᠡᠭᠰᠡᠨ ᠤ ᠳᠠᠷᠠᠭ᠎ᠠ ᠨᠢᠭᠡ ᠤᠳᠠᠭ᠎ᠠ ᠤᠰᠤ ᠤᠤᠭᠤᠯᠭᠠᠵᠤ᠂ ᠤᠰᠤᠨ ᠤ | ᠳᠤᠯᠠᠭᠠᠨ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ | ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ᠄ ᠬᠤᠷᠠᠭᠠᠨ ᠤ ᠡᠪᠡᠰᠦ ᠪᠣᠷᠳᠣᠭᠠᠨ ᠤ ᠬᠠᠷᠢᠴᠠᠯ ᠢ | ᠳᠡᠭᠡᠭᠰᠢᠯᠡᠭᠦᠯᠬᠦ ᠶᠢ ᠠᠩᠬᠠᠷᠴᠤ᠂ ᠨᠠᠰᠤᠨ ᠳᠤ ᠬᠦᠷᠦᠭᠰᠡᠨ ᠤ ᠳᠠᠷᠠᠭ᠎ᠠ ᠢᠯᠡᠭᠦᠬᠡᠨ ᠲᠡᠵᠢᠭᠡᠯ ᠪᠣᠷᠳᠤᠭ᠎ᠠ ᠢᠳᠡᠭᠦᠯᠵᠦ᠂ | ᠪᠣᠷᠳᠣᠵᠤ ᠲᠠᠷᠭᠤᠯᠠᠭᠤᠯᠬᠤ ᠶᠢ ᠪᠠᠲᠤᠯᠠᠨ᠎ᠠ᠃ ᠡᠨᠡ ᠬᠤᠶᠠᠷ ᠬᠤᠭᠤᠴᠠᠭᠠᠨ ᠤ ᠲᠡᠵᠢᠭᠡᠪᠦᠷᠢ ᠶᠢᠨ ᠬᠡᠮᠵᠢᠶ᠎ᠡ ᠨᠢ | ᠵᠣᠬᠢᠬᠤ ᠵᠥᠷᠢᠶ᠎ᠡ ᠲᠠᠢ ᠪᠣᠯᠬᠤᠷ ᠰᠦᠷᠦᠭ ᠬᠤᠪᠢᠶᠠᠨ ᠲᠡᠵᠢᠭᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠷᠪᠡ | ᠪᠣᠷᠳᠣᠵᠤ ᠲᠠᠷᠭᠤᠯᠠᠭᠤᠯᠬᠤ ᠦᠷ᠎ᠡ ᠠᠰᠢᠭ ᠢ ᠳᠡᠭᠡᠭᠰᠢᠯᠡᠭᠦᠯᠦᠶ᠎ᠡ ᠭᠡᠪᠡᠯ᠂ ᠬᠠᠰᠢᠶᠠᠯᠠᠨ ᠲᠡᠵᠢᠭᠡᠪᠡᠯ ᠬᠠᠮᠤᠭ ᠰᠠᠶᠢᠨ᠂ | ᠡᠨᠡ ᠨᠢ ᠬᠠᠮᠢᠶᠠᠷᠬᠤ ᠳᠤ ᠲᠥᠬᠦᠮ ᠢᠶᠠᠷ ᠪᠠᠷᠠᠬᠤ ᠦᠭᠡᠢ᠂ ᠪᠠᠰᠠ ᠬᠤᠨᠢᠨ ᠤ ᠠᠵᠢᠯᠯᠠᠭ᠎ᠠ ᠶᠢ ᠪᠠᠭᠠᠰᠬᠠᠵᠤ᠂ | ᠬᠤᠷᠣᠭᠳᠠᠯ ᠢ ᠪᠠᠭᠠᠰᠬᠠᠵᠤ ᠲᠠᠶᠢᠯᠤᠨ᠎ᠠ᠃ | ᠡᠳᠦᠷ ᠲᠤᠲᠤᠮ ᠤᠨ ᠬᠠᠮᠢᠶᠠᠷᠤᠯᠲᠠ᠄ ᠬᠤᠨᠢᠨ ᠤ ᠫᠧᠩ ᠤᠨ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠬᠦ | ᠬᠡᠷᠡᠭᠲᠡᠢ᠂ ᠬᠡᠷᠪᠡ ᠬᠡᠲᠦᠷᠬᠡᠢ ᠪᠤᠵᠠᠷ ᠪᠣᠯ ᠬᠤᠨᠢᠨ ᠤ ᠥᠰᠦᠯᠲᠡ ᠪᠤᠶᠢᠵᠢᠯᠲᠠ ᠳᠤ ᠵᠣᠬᠢᠬᠤ ᠨᠥᠯᠥᠭᠡ ᠪᠣᠯᠣᠨ᠎ᠠ᠃ | ᠢᠳᠡᠰᠢ ᠢᠳᠡᠬᠦ ᠬᠡᠮᠵᠢᠶ᠎ᠡ ᠨᠢ ᠪᠠᠭ᠎ᠠ ᠬᠤᠨᠢᠨ ᠳᠤ ᠰᠢᠩᠭᠡᠭᠡᠯᠲᠡ ᠶᠢᠨ ᠡᠮ ᠢ ᠵᠣᠬᠢᠬᠤ ᠬᠡᠮᠵᠢᠶ᠎ᠡ ᠪᠠᠷ ᠲᠡᠵᠢᠭᠡᠵᠦ᠂ | ᠢᠳᠡᠭᠡᠨ ᠤ ᠳᠤᠷᠠᠰᠢᠯ ᠢ ᠨᠢ ᠳᠡᠭᠡᠭᠰᠢᠯᠡᠭᠦᠯᠦᠨ᠎ᠡ᠃ ᠲᠦᠷᠭᠡᠨ ᠪᠣᠷᠳᠣᠵᠤ ᠲᠠᠷᠭᠤᠯᠠᠭᠤᠯᠬᠤ ᠳᠠᠭᠠᠨ ᠨᠠᠷᠢᠯᠢᠭ | ᠪᠣᠷᠳᠣᠬᠤ ᠪᠠᠷ ᠭᠤᠣᠯᠯᠠᠵᠤ᠂ ᠵᠣᠬᠢᠬᠤ ᠬᠡᠮᠵᠢᠶᠡᠨ ᠤ ᠡᠪᠡᠰᠦ ᠪᠣᠷᠳᠤᠭ᠎ᠠ ᠲᠠᠢ ᠬᠤᠯᠢᠵᠤ ᠬᠤᠨᠢᠨ ᠳᠤ ᠭᠦᠢᠴᠡᠳ | ᠰᠢᠮ᠎ᠡ ᠲᠡᠵᠢᠭᠡᠯ ᠬᠠᠩᠭᠠᠨ᠎ᠠ᠃ | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠤᠷᠤᠨ ᠤ ᠲᠢᠩᠬᠢᠮ | |