| ᠡᠨᠡ ᠵᠢᠯ ᠠᠴᠠ ᠨᠠᠰᠢ᠂ ᠹᠧᠩᠵᠧᠨ ᠬᠤᠲᠠ ᠶᠢᠨ ᠬᠤᠨ ᠶᠤᠸᠠᠨ ᠶᠣᠣ ᠰᠢᠶᠠᠩ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠡᠯ᠎ᠡ | ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠵᠢᠷᠤᠮᠵᠢᠭᠰᠠᠨ᠂ ᠪᠣᠳᠠᠲᠤ ᠴᠣᠭᠴᠠᠲᠤ ᠠᠵᠢᠯᠯᠠᠭᠠᠨ ᠤ ︽ | ᠹᠧᠩᠴᠢᠶᠤᠤ ᠮᠠᠶ᠋ᠢᠭ︾ ᠤᠨ ᠵᠢᠱᠢᠶ᠎ᠡ ᠦᠵᠡᠭᠦᠯᠬᠦ ᠶᠡᠷᠦᠩᠬᠡᠶᠢᠯᠡᠨ ᠵᠠᠰᠠᠬᠤ ᠲᠥᠪ ᠢ ᠪᠣᠶ ᠪᠣᠯᠭᠠᠵᠤ᠂ ︽ᠭᠤᠷᠪᠠᠨ | ᠨᠢᠭᠡ︾ ᠶᠢᠨ ᠵᠥᠷᠢᠴᠡᠯ ᠵᠢᠭᠤᠷᠠᠯᠳᠤᠭᠠᠨ ᠤ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ | ᠠᠵᠢᠯ ᠢ ᠪᠣᠳᠠᠲᠠᠶ ᠠᠳᠬᠤᠵᠤ᠂ ᠵᠥᠷᠢᠴᠡᠯ ᠵᠢᠭᠤᠷᠠᠯᠳᠤᠭᠠᠨ ᠤ ᠲᠦᠭᠰᠢᠭᠦᠷᠢ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠠᠷᠢᠯᠭᠠᠬᠤ ᠠᠵᠢᠯ ᠢ ᠨᠠᠷᠢᠨ ᠪᠣᠳᠠᠲᠠᠶ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ | ᠴᠢᠳᠠᠪᠤᠷᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠪᠡ᠃ | | ︽ᠨᠢᠭᠡ ᠭᠤᠤᠯᠳᠠᠯᠭ᠎ᠠ︾ ᠶᠢ ᠵᠢᠷᠤᠮᠵᠢᠭᠤᠯᠤᠨ ᠠᠵᠢᠯᠯᠠᠭᠤᠯᠵᠤ᠂ ᠦᠢᠯᠡᠴᠢᠯᠡᠭᠡ ᠪᠠᠨ ᠳᠡᠭᠡᠭᠰᠢᠯᠡᠭᠦᠯᠵᠦ ︽ | ᠬᠤᠷᠳᠤᠴᠠ ᠪᠠᠨ ᠲᠦᠷᠭᠡᠳᠭᠡᠪᠡ︾᠃ ᠨᠢᠭᠡ ᠳᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠵᠠᠰᠠᠯᠲᠠ ᠶᠢᠨ ᠲᠠᠪᠴᠠᠩ ᠢ ᠪᠠᠶᠢᠭᠤᠯᠪᠠ᠃ ︽ᠲᠥᠪᠯᠡᠷᠡᠭᠦᠯᠦᠨ ᠠᠵᠢᠯᠯᠠᠬᠤ᠂ ᠡᠷᠴᠢᠮᠵᠢᠭᠦᠯᠦᠨ | ᠬᠠᠮᠢᠶᠠᠷᠬᠤ᠂ ᠲᠥᠪᠯᠡᠷᠡᠭᠦᠯᠦᠨ ᠦᠢᠯᠡᠴᠢᠯᠡᠬᠦ︾ ᠠᠵᠢᠯᠯᠠᠭᠠᠨ ᠤ ᠵᠠᠭᠪᠤᠷ ᠶᠣᠰᠣᠭᠠᠷ᠂ ᠡᠯ᠎ᠡ ᠲᠦᠷᠦᠯ ᠤᠨ ᠡᠬᠢ | ᠪᠠᠶᠠᠯᠢᠭ ᠪᠠ ᠬᠦᠴᠦᠨ ᠢ ᠡᠮᠬᠢᠯᠡᠨ ᠨᠡᠶᠢᠯᠡᠭᠦᠯᠵᠦ᠂ ᠲᠣᠣᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ | ᠲᠥᠪ᠂ ᠵᠢᠯᠣᠭᠤᠳᠤᠨ ᠲᠣᠬᠢᠷᠠᠭᠤᠯᠬᠤ ᠲᠥᠪ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠤᠯᠠᠨ | ᠲᠦᠮᠡᠨ ᠲᠠᠢ ᠬᠠᠷᠢᠯᠴᠠᠵᠤ ᠵᠥᠷᠢᠴᠡᠯ ᠢ ᠠᠷᠢᠯᠭᠠᠬᠤ ᠠᠵᠢᠯᠯᠠᠭᠠᠨ ᠤ ᠲᠠᠰᠤᠭ᠂ ᠵᠥᠷᠢᠴᠡᠯ ᠵᠢᠭᠤᠷᠠᠯᠳᠤᠭᠠᠨ ᠢ | ᠡᠶᠡᠳᠡᠭᠦᠯᠦᠨ ᠰᠢᠢᠳᠪᠦᠷᠢᠯᠡᠬᠦ ᠲᠠᠰᠤᠭ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠠᠰᠤᠭ᠂ ᠤᠯᠠᠨ ᠲᠦᠮᠡᠨ ᠢ | ᠬᠦᠯᠢᠶᠡᠨ ᠠᠪᠬᠤ ᠲᠠᠰᠤᠭ ᠢ ᠪᠠᠶᠢᠭᠤᠯᠵᠤ᠂ ᠨᠡᠶᠢᠭᠡᠮ ᠤᠨ ᠵᠠᠰᠠᠯᠲᠠ᠂ ᠵᠥᠷᠢᠴᠡᠯ ᠢ ᠡᠶᠡᠳᠡᠭᠦᠯᠬᠦ᠂ ᠤᠯᠠᠨ | ᠨᠡᠶᠢᠲᠡ ᠶᠢᠨ ᠦᠢᠯᠡᠴᠢᠯᠡᠭᠡ᠂ ᠵᠥᠪᠳᠡᠯᠴᠡᠨ ᠬᠡᠷᠡᠭ ᠵᠥᠪᠯᠡᠬᠦ ᠵᠡᠷᠭᠡ ᠵᠦᠢᠯᠡᠰ ᠢ ᠶᠡᠷᠦᠩᠬᠡᠶᠢᠯᠡᠨ ᠵᠠᠰᠠᠬᠤ ᠲᠥᠪ ᠤᠨ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠳᠤ ᠠᠭᠤᠰᠬᠠᠨ ᠣᠷᠣᠭᠤᠯᠪᠠ︔ ᠬᠤᠶᠠᠷ ᠲᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢᠨ ᠠᠵᠢᠯᠯᠠᠭᠠᠨ ᠢ | ᠦᠨᠳᠦᠰᠦᠨ ᠱᠠᠲᠤᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ | ᠵᠣᠬᠢᠴᠠᠭᠤᠯᠬᠤ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠩ ᠤᠨ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠢᠶᠠᠷ ᠲᠥᠪ ᠤᠨ ᠡᠷᠬᠢᠯᠡᠭᠴᠢ ᠶᠢᠨ ᠲᠤᠰᠢᠶᠠᠯ ᠢ | ᠡᠭᠦᠷᠭᠡᠯᠡᠭᠦᠯᠵᠦ᠂ ᠲᠣᠮᠢᠯᠠᠭᠰᠠᠨ ᠰᠠᠯᠪᠤᠷᠢ ᠶᠢᠨ ᠳᠠᠷᠤᠭ᠎ᠠ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠪᠠᠷ | ᠲᠥᠪ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠬᠠᠷᠢᠭᠤᠴᠠᠯᠭᠠᠲᠤ ᠰᠠᠯᠠᠭ᠎ᠠ ᠮᠥᠴᠢᠷ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠡᠯ᠎ᠡ ᠲᠠᠯ᠎ᠠ ᠶᠢᠨ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ 2 ᠲᠤᠰᠬᠠᠢ ᠲᠤᠰᠢᠶᠠᠯᠲᠤ ᠡᠶᠡᠳᠡᠭᠦᠯᠦᠭᠴᠢ ᠶᠢ ᠶᠡᠷᠦᠩᠬᠡᠶᠢᠯᠡᠨ | ᠵᠠᠰᠠᠬᠤ ᠲᠥᠪ ᠲᠤ ᠪᠠᠶᠢᠩᠭᠤ ᠰᠠᠭᠤᠯᠭᠠᠵᠤ᠂ ᠭᠡᠷ ᠲᠤᠨᠢ ᠬᠦᠷᠴᠦ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ | ᠵᠥᠷᠢᠴᠡᠯ ᠵᠢᠭᠤᠷᠠᠯᠳᠤᠭᠠᠨ ᠢ ︽ᠰᠣᠶᠣᠭᠠᠯᠠᠯ︾ ᠤᠨ ᠪᠠᠶᠢᠳᠠᠯ ᠳᠤ ᠰᠢᠢᠳᠪᠦᠷᠢᠯᠡᠬᠦ ᠶᠢ ᠪᠦᠲᠦᠮᠵᠢᠲᠡᠢ ᠠᠬᠢᠭᠤᠯᠪᠠ︔ | ᠭᠤᠷᠪᠠ ᠳᠤ᠂ ᠶᠡᠷᠦᠩᠬᠡᠶᠢᠯᠡᠨ ᠵᠠᠰᠠᠬᠤ ᠬᠦᠴᠦᠨ ᠢ ᠨᠡᠶᠢᠳᠬᠡᠵᠦ᠂ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠪᠠ᠃ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠤᠨ ᠬᠢᠨ ᠵᠠᠬᠢᠳᠠᠯ | ᠰᠤᠷᠪᠤᠯᠵᠢᠯᠠᠭ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠬᠥᠳᠡᠯᠮᠦᠷᠢ ᠶᠢᠨ ᠬᠠᠮᠠᠭᠠᠯᠠᠯᠲᠠ ᠵᠡᠷᠭᠡ | ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ ᠬᠠᠮᠢᠶ᠎ᠠ ᠪᠥᠬᠦᠶ ᠬᠥᠮᠦᠰ ᠪᠠᠶᠢᠩᠭᠤ | ᠰᠠᠭᠤᠬᠤ᠂ ᠡᠭᠡᠯᠵᠢᠯᠡᠨ ᠰᠠᠭᠤᠬᠤ᠂ ᠳᠠᠭᠠᠵᠤ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠶᠡᠷᠦᠩᠬᠡᠶᠢᠯᠡᠨ ᠵᠠᠰᠠᠬᠤ | ᠲᠥᠪ ᠲᠤ ᠣᠷᠣᠵᠤ ᠰᠠᠭᠤᠭᠠᠳ᠂ ᠡᠯ᠎ᠡ ᠰᠠᠯᠠᠭ᠎ᠠ ᠮᠥᠴᠢᠷ ᠤᠨ ᠠᠭᠤᠰᠤᠯᠴᠠᠨ ᠬᠠᠮᠵᠢᠯᠴᠠᠵᠤ᠂ ᠲᠣᠰ ᠲᠣᠰ ᠤᠨ | ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠡᠷᠦᠩᠬᠡᠶᠢᠯᠡᠨ | ᠵᠠᠰᠠᠬᠤ ᠵᠠᠭᠪᠤᠷ ᠢ ᠪᠣᠶ ᠪᠣᠯᠭᠠᠵᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠪᠠᠲᠤᠯᠠᠪᠠ᠃ | | ᠰᠡᠷᠭᠡᠶᠢᠯᠡᠨ ᠡᠵᠡᠮᠳᠡᠬᠦ ︽ᠨᠢᠭᠡ ᠰᠦᠯᠵᠢᠶ᠎ᠡ︾ ᠶᠢ ᠨᠢᠭᠲᠠ ᠰᠦᠯᠵᠢᠵᠦ᠂ ᠬᠠᠮᠢᠶᠠᠷᠤᠯᠲᠠ ᠶᠢᠨ ︽ | ᠪᠠᠶᠢᠷᠢᠰᠢᠯ ᠤᠨ ᠰᠢᠰᠲ᠋ᠧᠮ︾ ᠢ ᠯᠠᠪᠳᠠᠭᠤᠨ ᠡᠵᠡᠮᠳᠡᠪᠡ᠃ ᠨᠢᠭᠡ ᠳᠤ᠂ ᠲᠤᠰᠬᠠᠶ ᠮᠡᠷᠭᠡᠵᠢᠯ ᠤᠨ ᠰᠦᠯᠵᠢᠶᠡᠨ ᠤ | ᠡᠩᠨᠡᠭᠡ ᠶᠢ ᠪᠠᠶᠢᠭᠤᠯᠤᠨ ᠴᠢᠩᠭᠠᠳᠬᠠᠵᠤ᠂ ᠰᠦᠯᠵᠢᠶᠡᠨ ᠤ ᠬᠠᠮᠢᠶᠠᠷᠤᠯᠲᠠ ᠶᠢ ᠳᠥᠯᠭᠢᠨ ᠠᠬᠢᠭᠤᠯᠪᠠ᠃ ︽ᠤᠯᠠᠨ | ᠲᠥᠪ ᠢ ᠨᠢᠭᠡᠳᠬᠡᠵᠦ᠂ ᠨᠢᠭᠡ ᠲᠥᠪ ᠢ ᠤᠯᠠᠨ ᠲᠠᠯ᠎ᠠ ᠪᠠᠷ ᠬᠡᠷᠡᠭᠯᠡᠬᠦ︾ ᠰᠡᠳᠬᠢᠴᠡ ᠪᠠᠷ᠂ ᠶᠡᠷᠦᠩᠬᠡᠶᠢᠯᠡᠨ ᠵᠠᠰᠠᠬᠤ᠂ | ᠬᠠᠤᠯᠢ ᠪᠠᠷᠢᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠬᠠᠮᠲᠤᠷᠠᠨ ᠠᠵᠢᠯᠯᠠᠬᠤ ᠵᠠᠭᠪᠤᠷ ᠢ ᠬᠡᠷᠡᠭᠵᠢᠭᠦᠯᠵᠦ᠂ | ᠣᠳᠣᠬᠠᠨ ᠤ ᠭᠤᠣᠯᠳᠠᠯᠭ᠎ᠠ ᠲᠠᠢ ᠬᠥᠮᠦᠰ ᠤᠨ ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠵᠡᠷᠭᠡ ᠠᠵᠢᠯ ᠳᠤ ᠬᠠᠨᠳᠤᠭᠤᠯᠤᠨ᠂ ᠲᠣᠣᠷᠯᠢᠭ ᠭᠠᠵᠠᠷ ᠤᠨ ᠵᠢᠷᠤᠭ ᠢ ᠬᠤᠪᠢᠶᠠᠷᠢᠯᠠᠵᠤ᠂ᠡᠯ᠎ᠡ ᠲᠣᠰᠬᠤᠨ ᠳᠤ ᠪᠦᠷ | ︽ᠲᠣᠣᠷᠯᠢᠭ ᠳᠠᠷᠤᠭ᠎ᠠ+ᠲᠣᠣᠷᠯᠢᠭ ᠠᠵᠢᠯᠲᠠᠨ+ᠪᠢᠴᠢᠯ ᠲᠣᠣᠷᠯᠢᠭ+ᠡᠩ ᠤᠨ ᠤᠯᠠᠨ ᠲᠦᠮᠡᠨ︾ ᠲᠠᠢ ᠲᠣᠣᠷᠯᠢᠭ | ᠦᠢᠯᠡᠴᠢᠯᠡᠭᠡᠨ ᠤ ᠪᠦᠯᠬᠦᠮ ᠢ ᠪᠦᠷᠢᠳᠦᠭᠦᠯᠪᠡ᠃ ᠪᠦᠬᠦ ᠰᠢᠶᠠᠩ ᠢᠶᠠᠷ ᠢᠶᠠᠨ ᠨᠡᠶᠢᠲᠡ 40 ᠨᠢᠭᠡᠴᠡ ᠶᠢᠨ ᠲᠣᠣᠷ ᠢ | ᠬᠤᠪᠢᠶᠠᠷᠢᠯᠠᠵᠤ᠂ 7 ᠨᠡᠷᠡᠰ ᠨᠢᠭᠡᠴᠡ ᠶᠢᠨ ᠰᠦᠯᠵᠢᠶᠡᠨ ᠤ ᠳᠠᠷᠤᠭ᠎ᠠ᠂ 40 ᠨᠡᠷᠡᠰ ᠲᠤᠰᠬᠠᠶ ᠲᠤᠰᠢᠶᠠᠯᠲᠤ | ᠰᠦᠯᠵᠢᠶᠡᠨ ᠤ ᠠᠵᠢᠯᠲᠠᠨ ᠲᠣᠬᠢᠷᠠᠭᠤᠯᠵᠤ᠂ᠰᠦᠯᠵᠢᠶᠡᠨ ᠤ ᠠᠵᠢᠯᠲᠠᠨ+ᠲᠤᠰᠬᠤᠨ ᠤ ᠳᠠᠭᠠᠭᠠᠴᠢᠯᠠᠭᠰᠠᠨ | ᠺᠠᠳ᠋ᠷ+ᠲᠣᠰᠬᠤᠨ ᠤ ᠡᠮᠴᠢ+ᠲᠣᠰᠬᠤᠨ ᠢ ᠳᠠᠭᠠᠭᠠᠴᠢᠯᠠᠭᠰᠠᠨ ᠠᠷᠠᠳ ᠤᠨ ᠴᠠᠭᠳᠠᠭ᠎ᠠ ᠪᠠᠷ ᠪᠦᠷᠢᠯᠳᠦᠭᠰᠡᠨ | ᠬᠠᠯᠠᠮᠵᠢᠯᠠᠨ ᠬᠠᠶᠢᠷᠠᠯᠠᠬᠤ ᠰᠡᠳᠬᠢᠴᠡ ᠶᠢᠨ ᠬᠠᠪᠰᠤᠷᠤᠨ ᠲᠡᠳᠬᠦᠬᠦ 7 ᠳᠤᠭᠤᠶᠢᠯᠠᠩ᠂ 7 ᠴᠠᠭᠳᠠᠨ ᠲᠣᠭᠤᠷᠢᠬᠤ | ᠠᠩᠭᠢ ᠶᠢᠨ ᠬᠢᠨ ᠠᠮᠤᠷ ᠲᠦᠪᠰᠢᠨ ᠢ ᠪᠠᠳᠤᠯᠠᠨ ᠬᠠᠮᠠᠭᠠᠯᠠᠵᠤ᠂ ᠢᠯᠠᠩᠭᠤᠶ᠎ᠠ ᠡᠷᠡᠭᠦᠤ ᠶᠢᠨ ᠬᠤᠭᠤᠴᠠᠭ᠎ᠠ ᠨᠢ | ᠳᠠᠭᠤᠰᠴᠤ ᠰᠤᠯᠠᠯᠠᠭᠳᠠᠭᠰᠠᠨ 17 ᠵᠠᠯᠠᠷᠠᠭᠤᠯᠤᠭᠴᠢ᠂ 28 ᠣᠶᠤᠨ ᠤ ᠮᠡᠳᠡᠷᠡᠯ ᠤᠨ ᠰᠠᠭᠠᠳ ᠲᠠᠢ ᠡᠪᠡᠳᠴᠢᠲᠡᠨ ᠢ | ᠴᠥᠮ ᠰᠦᠯᠵᠢᠶᠡᠨ ᠤ ᠬᠠᠮᠢᠶᠠᠷᠤᠯᠲᠠ ᠳᠤ ᠣᠷᠣᠭᠤᠯᠵᠤ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢ ᠡᠵᠡᠮᠳᠡᠬᠦ᠂ | ᠰᠦᠯᠵᠢᠶᠡᠨ ᠭᠠᠳᠠᠨᠠᠬᠢ ᠦᠢᠯᠡᠴᠢᠯᠡᠭᠡ ᠶᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠪᠠᠶᠢᠳᠠᠯ ᠢ ᠲᠣᠳᠣᠷᠬᠠᠶᠢᠯᠠᠵᠤ᠂ ᠬᠠᠮᠢᠭᠠᠰᠢ ᠶᠠᠪᠤᠬᠤ ᠶᠢ ᠲᠣᠳᠣᠷᠬᠠᠶ ᠪᠣᠯᠭᠠᠪᠠ︔ ᠬᠤᠶᠠᠷ ᠲᠤ᠂ ᠦᠨᠳᠦᠰᠦᠨ | ᠱᠠᠲᠤᠨ ᠤ ᠬᠦᠴᠦᠨ ᠢ ᠨᠡᠶᠢᠳᠬᠡᠨ ᠬᠦᠴᠦᠷᠬᠡᠭᠵᠢᠭᠦᠯᠵᠦ᠂ ᠬᠠᠮᠵᠢᠯᠴᠠᠨ ᠬᠠᠮᠲᠤᠪᠠᠷ ᠵᠠᠰᠠᠬᠤ ᠶᠢ ᠠᠬᠢᠭᠤᠯᠪᠠ᠃ | ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠤᠨ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ ᠵᠡᠷᠭᠡ | ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ | ᠰᠦᠯᠵᠢᠶᠡᠨ ᠤ ᠠᠵᠢᠯᠲᠠᠨ᠂ ᠡᠶᠡᠳᠡᠭᠦᠯᠦᠭᠴᠢ ᠵᠡᠷᠭᠡ ᠣᠯᠠᠨ ᠲᠦᠮᠡᠨ ᠤ ᠰᠡᠷᠭᠡᠶᠢᠯᠡᠨ ᠵᠠᠰᠠᠬᠤ ᠬᠦᠴᠦᠨ ᠢ | ᠲᠣᠬᠢᠷᠠᠭᠤᠯᠵᠤ᠂ ᠡᠶᠡᠳᠡᠭᠦᠯᠦᠨ ᠵᠢᠯᠣᠭᠤᠳᠬᠤ᠂ ᠬᠠᠤᠯᠢ ᠪᠠᠷ ᠵᠠᠰᠠᠬᠤ ᠶᠢ ᠤᠬᠠᠭᠤᠯᠤᠨ ᠲᠠᠶᠢᠯᠪᠤᠷᠢᠯᠠᠬᠤ᠂ | ᠵᠢᠭᠤᠷᠠᠯᠳᠤᠭᠠᠨ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠢᠳᠡᠪᠬᠢᠲᠡᠶ ᠥᠷᠨᠢᠭᠦᠯᠵᠦ᠂ ᠬᠥᠷᠰᠢ | ᠵᠡᠷᠭᠡᠯᠡᠳᠡᠭᠡ ᠶᠢᠨ ᠵᠢᠭᠤᠷᠠᠯᠳᠤᠭᠠᠨ ᠢ ᠡᠷᠤᠭᠡ ᠳᠤ ᠬᠦᠷᠲᠡᠯ᠎ᠡ ᠡᠶᠡᠳᠡᠭᠦᠯᠬᠦ᠂ ᠬᠠᠤᠯᠢ ᠴᠠᠭᠠᠵᠠ ᠶᠢᠨ ᠮᠡᠳᠡᠯᠭᠡ ᠶᠢ | ᠡᠷᠤᠭᠡ ᠳᠤ ᠬᠦᠷᠲᠡᠯ᠎ᠡ ᠤᠬᠠᠭᠤᠯᠬᠤ᠂ ᠭᠤᠣᠯᠳᠠᠯᠭ᠎ᠠ ᠲᠠᠢ ᠬᠥᠮᠦᠰ ᠢ ᠡᠷᠤᠭᠡ ᠳᠤ ᠬᠦᠷᠲᠡᠯ᠎ᠡ ᠬᠠᠪᠰᠤᠷᠤᠨ ᠰᠤᠷᠭᠠᠬᠤ᠂ | ᠬᠦᠴᠢᠷᠳᠡᠯ ᠲᠠᠢ ᠤᠯᠠᠨ ᠲᠦᠮᠡᠨ ᠳᠤ ᠡᠷᠤᠭᠡ ᠳᠤ ᠬᠦᠷᠲᠡᠯ᠎ᠡ ᠦᠢᠯᠡᠴᠢᠯᠡᠬᠦ ᠶᠢ ᠪᠡᠶᠡᠯᠡᠭᠦᠯᠵᠦ᠂ ᠨᠡᠶᠢᠭᠡᠮ ᠤᠨ | ᠵᠠᠰᠠᠯᠲᠠ ᠶᠢ ᠲᠠᠷᠢᠶᠠᠴᠢᠨ ᠡᠷᠤᠭᠡ ᠶᠢᠨ ᠬᠦᠷᠢᠶ᠎ᠡ᠂ ᠲᠠᠷᠢᠶᠠᠨ ᠭᠠᠵᠠᠷ ᠪᠠ ᠤᠯᠠᠨ ᠲᠦᠮᠡᠨ ᠤ ᠰᠡᠳᠬᠢᠯ ᠳᠤ | ᠨᠠᠶᠢᠳᠠᠪᠤᠷᠢᠵᠢᠭᠤᠯᠵᠤ᠂ ︽ᠶᠡᠷᠦᠩᠬᠡᠶᠢᠯᠡᠨ ᠵᠠᠰᠠᠬᠤ ᠲᠥᠪ ᠢ ᠡᠮᠬᠢᠯᠡᠨ ᠨᠡᠶᠢᠯᠡᠭᠦᠯᠵᠦ ᠬᠠᠮᠲᠤᠷᠠᠨ ᠬᠥᠳᠡᠯᠦᠯᠴᠡᠭᠰᠡᠨ᠂ | ᠨᠡᠶᠢᠭᠡᠮ ᠤᠨ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠭᠰᠠᠨ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠵᠠᠰᠠᠬᠤ ᠬᠦᠴᠦᠨ ᠢ ᠪᠣᠳᠠᠲᠠᠶ ᠪᠠᠷ ᠨᠠᠶᠢᠳᠠᠪᠤᠷᠢᠵᠢᠭᠤᠯᠤᠭᠰᠠᠨ︾ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠡᠩᠨᠡᠭᠡ ᠶᠢ ᠪᠦᠷᠢᠯᠳᠦᠭᠦᠯᠪᠡ᠃ | ᠵᠥᠷᠢᠴᠡᠯ ᠵᠢᠭᠤᠷᠠᠯᠳᠤᠭᠠᠨ ᠢ ᠨᠢᠭᠡ ᠯᠡ ᠥᠷᠲᠡᠭᠡᠨ ᠳᠤ ᠰᠢᠢᠳᠪᠦᠷᠢᠯᠡᠵᠦ᠂ ᠵᠠᠰᠠᠯᠲᠠ ᠶᠢᠨ ︽ᠰᠢᠨ᠎ᠡ | ᠬᠥᠳᠡᠯᠭᠡᠭᠴᠢ ᠡᠨᠧᠷᠭᠢ︾ ᠶᠢ ᠬᠥᠭᠵᠢᠭᠡᠪᠡ᠃ ᠨᠢᠭᠡ ᠳᠤ᠂ ᠣᠶᠤᠨᠴᠢ ᠬᠠᠮᠢᠶᠠᠷᠤᠯᠲᠠ ᠡᠵᠡᠮᠳᠡᠯ ᠳᠤ ᠲᠦᠰᠢᠭᠯᠡᠵᠦ᠂ | ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠠᠶᠢᠭᠤᠯᠪᠠ᠃ ᠰᠢᠶᠠᠩ ᠤᠨ ᠣᠯᠠᠨ ᠨᠡᠶᠢᠲᠡ ᠶᠢᠨ ᠲᠠᠯᠠᠪᠤᠷ ᠪᠠ ᠵᠠᠮ | ᠬᠠᠷᠢᠯᠴᠠᠭᠠᠨ ᠤ ᠴᠢᠬᠤᠯᠠ ᠱᠤᠭᠤᠮ ᠳᠤ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠲᠣᠬᠢᠷᠠᠭᠤᠯᠵᠤ᠂ ᠴᠣᠬᠢᠯᠲᠠ | ᠥᠭᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ ᠶᠢ ᠨᠢᠭᠡ ᠴᠤᠭᠴᠠᠵᠢᠭᠤᠯᠤᠭᠰᠠᠨ᠂ ᠪᠦᠬᠦᠨ ᠢ ᠬᠠᠮᠤᠷᠤᠭᠰᠠᠨ᠂ | ᠪᠣᠰᠤᠭ᠎ᠠ ᠴᠤᠭᠴᠠᠵᠢᠭᠤᠯᠤᠭᠰᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ | ᠲᠣᠰᠬᠤᠨ ᠤ ᠱᠠᠲᠤᠨ ᠤ 7 ᠶᠡᠷᠦᠩᠬᠡᠶᠢᠯᠡᠨ ᠵᠠᠰᠠᠵᠤ ᠲᠣᠭᠲᠠᠭᠤᠨ ᠢ ᠬᠠᠮᠠᠭᠠᠯᠠᠬᠤ ᠮᠡᠳᠡᠭᠡ ᠵᠠᠩᠭᠢᠴᠢ᠂ 7 ᠴᠠᠭᠳᠠᠨ | ᠲᠣᠭᠤᠷᠢᠬᠤ ᠡᠩᠨᠡᠭᠡ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠷᠭ᠎ᠠ ᠬᠡᠮᠵᠢᠶ᠎ᠡ ᠶᠢ ᠤᠯᠠᠨ ᠲᠦᠮᠡᠨ ᠤ ᠳᠡᠷᠭᠡᠳᠡ ᠬᠦᠷᠲᠡᠯ᠎ᠡ ᠦᠷᠭᠦᠯᠵᠢᠯᠡᠭᠦᠯᠵᠦ᠂ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ᠂ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠡᠷᠭᠡ ᠲᠠᠯ᠎ᠠ ᠪᠠᠷ ᠬᠢ ᠲᠦᠷᠭᠡᠨ ᠲᠤᠰᠬᠠᠬᠤ ᠪᠠ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠪᠠ︔ | ᠬᠤᠶᠠᠷ ᠲᠤ᠂ ᠤᠯᠠᠨ ᠡᠰᠢᠴᠢᠯᠡᠭᠰᠡᠨ ᠬᠠᠮᠲᠤᠷᠠᠯᠴᠠᠭ᠎ᠠ ᠶᠢ ᠪᠠᠳᠠᠷᠠᠭᠤᠯᠵᠤ᠂ ᠵᠥᠷᠢᠴᠡᠯ ᠤᠨ ᠡᠬᠢ ᠡᠭᠦᠰᠦᠯ ᠢ | ᠠᠷᠢᠯᠭᠠᠪᠠ᠃ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠨᠢ ᠤᠯᠠᠨ ᠲᠦᠮᠡᠨ ᠤ ᠲᠤᠰᠬᠠᠬᠤ᠂ ᠰᠦᠯᠵᠢᠶᠡᠨ ᠤ | ᠢᠯᠭᠠᠯ ᠢ ᠣᠶᠢᠯᠠᠭᠠᠬᠤ᠂ ᠳᠡᠭᠡᠳᠦ ᠱᠠᠲᠤᠨ ᠠᠴᠠ ᠲᠤᠰᠢᠶᠠᠨ ᠰᠢᠢᠳᠪᠦᠷᠢᠯᠡᠭᠦᠯᠬᠦ᠂ ᠰᠠᠯᠠᠭ᠎ᠠ ᠮᠥᠴᠢᠷ ᠠᠴᠠ | ᠰᠢᠯᠵᠢᠭᠦᠯᠦᠨ ᠰᠢᠢᠳᠪᠦᠷᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠨ ᠲᠦᠮᠡᠨ ᠤ ᠵᠥᠷᠢᠴᠡᠯ | ᠵᠢᠭᠤᠷᠠᠯᠳᠤᠭᠠᠨ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠵᠥᠷᠢᠴᠡᠯ ᠵᠢᠭᠤᠷᠠᠯᠳᠤᠭᠠᠨ ᠢ ᠢᠯᠭᠠᠨ | ᠲᠤᠳᠤᠯᠠᠵᠤ᠂ ᠠᠩᠬ᠎ᠠ ᠰᠢᠯᠢᠭᠰᠡᠨ ᠤ ᠲᠠᠷᠠᠭ᠎ᠠ ᠲᠠᠬᠢᠨ ᠲᠦᠷᠦᠯ ᠵᠦᠢᠯ ᠢᠶᠠᠷ ᠨᠢ ᠰᠢᠯᠵᠢᠭᠦᠯᠦᠨ ᠲᠤᠮᠢᠯᠠᠪᠠ᠃ ᠡᠨᠡ | ᠵᠢᠯ ᠠᠴᠠ ᠨᠠᠰᠢ᠂ ᠪᠥᠬᠦ ᠰᠢᠶᠠᠩ ᠢᠶᠠᠷ ᠢᠶᠠᠨ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 3 ᠬᠤᠪᠢ | ᠵᠢᠭᠰᠠᠭᠠᠨ ᠪᠠᠶᠢᠴᠠᠭᠠᠵᠤ᠂ 3 ᠬᠤᠪᠢ ᠶᠢ ᠠᠮᠵᠢᠯᠲᠠ ᠲᠠᠢ ᠪᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ | 100% ᠳᠤ ᠬᠥᠷᠪᠡ︔ ᠭᠤᠷᠪᠠ ᠳᠤ᠂ ᠲᠠᠪᠴᠠᠩ ᠤᠨ ᠬᠡᠷᠡᠭᠯᠡᠯᠲᠡ ᠶᠢ ᠴᠢᠩᠭᠠᠳᠬᠠᠵᠤ᠂ ᠨᠡᠶᠢᠭᠡᠮ ᠤᠨ | ᠵᠠᠰᠠᠯᠲᠠ ᠶᠢ ᠠᠬᠢᠭᠤᠯᠪᠠ᠃ 12345 ᠬᠠᠯᠠᠮᠰᠢᠯ ᠤᠲᠠᠰᠤᠨ ᠤ ᠲᠠᠪᠴᠠᠩ ᠳᠤ ᠲᠦᠰᠢᠭᠯᠡᠨ᠂ ᠶᠡᠷᠦᠩᠬᠡᠶᠢᠯᠡᠨ | ᠵᠠᠰᠠᠭᠰᠠᠨ ᠬᠡᠷᠡᠭ ᠢ ᠴᠤᠭᠯᠠᠭᠤᠯᠵᠤ ᠳᠡᠭᠡᠭᠰᠢ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ᠂ | ᠲᠦᠷᠭᠡᠨ ᠡᠷᠭᠢᠯᠳᠦᠭᠦᠯᠬᠦ᠂ ᠮᠥᠷᠳᠡᠵᠦ ᠰᠢᠮᠳᠠᠭᠤᠯᠤᠨ ᠭᠦᠢᠴᠡᠳᠭᠡᠬᠦ᠂ ᠬᠠᠷᠢᠭᠤ ᠲᠤᠰᠬᠠᠵᠤ ᠦᠨᠡᠯᠡᠬᠦ ᠶᠢ | ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠪᠥᠬᠦ ᠴᠤᠪᠤᠷᠠᠯ ᠤᠨ᠂ ᠰᠢᠰᠲ᠋ᠧᠮᠵᠢᠭᠰᠡᠨ᠂ ᠪᠢᠲᠡᠭᠦᠦ ᠴᠠᠭᠠᠷᠢᠭ | ᠮᠠᠶ᠋ᠢᠭ ᠤᠨ ᠠᠵᠢᠯ ᠤᠨ ᠰᠢᠰᠲ᠋ᠧᠮᠵᠢ ᠶᠢ ᠪᠣᠶ ᠪᠤᠯᠭᠠᠪᠠ᠃ ᠣᠲᠣ ᠪᠣᠯᠲᠠᠯ᠎ᠠ᠂ ᠬᠤᠨ ᠶᠤᠸᠠᠨ ᠶᠣᠣ ᠰᠢᠶᠠᠩ ᠤᠨ ᠬᠢᠨ | ᠲᠠᠪᠴᠠᠩ ᠢᠶᠠᠷ ᠳᠠᠮᠵᠢᠭᠤᠯᠤᠨ ᠡᠯ᠎ᠡ ᠲᠥᠷᠥᠯ ᠤᠨ ᠭᠠᠵᠠᠷ ᠰᠢᠷᠣᠶ᠂ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠢ | 80 ᠭᠠᠷᠤᠶ ᠡᠷᠭᠢᠯᠲᠡ ᠳᠤ ᠣᠷᠣᠭᠤᠯᠵᠤ᠂ ᠨᠢᠭᠡᠨᠲᠡ ᠪᠦᠬᠦᠨ ᠢ ᠰᠢᠢᠳᠪᠦᠷᠢᠯᠡᠵᠦ᠂ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ ᠨᠢ 100% ᠳᠤ ᠬᠦᠷᠪᠡ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |