| ᠬᠠᠷᠢᠶᠠᠲᠤ ᠣᠷᠣᠨ ᠤ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ | ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ᠤᠢᠢᠷ᠎ᠠ ᠶᠢᠨ ᠡᠳᠦᠷ ᠤᠳ ᠲᠤ᠂ ᠹᠧᠩᠵᠧᠨ ᠬᠤᠳᠠ ᠶᠢᠨ ᠤᠢ | ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠬᠢᠨ ᠢᠳᠡᠪᠬᠢᠲᠡᠢ ᠬᠥᠳᠡᠯᠦᠯᠴᠡᠵᠦ᠂ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠤᠢ ᠰᠢᠭᠤᠢ ᠨᠤᠲᠤᠭ ᠪᠡᠯᠴᠢᠭᠡᠷ ᠤᠨ ︽ᠰᠡᠷᠭᠡᠶᠢᠯᠡᠯᠲᠡ ᠶᠢᠨ ᠬᠡᠷᠡᠮ︾ ᠢ | ᠪᠦᠬᠦ ᠲᠠᠯ᠎ᠠ ᠪᠠᠷ ᠪᠠᠬᠢᠵᠢᠭᠦᠯᠪᠡ᠃ | | | | | ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠶᠢᠳᠠᠯ ᠳᠤ ᠴᠢᠭᠯᠡᠭᠦᠯᠦᠨ᠂ | ᠹᠧᠩᠵᠧᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ ᠰᠢᠨᠵᠢᠯᠡᠬᠦ ᠤᠬᠠᠭᠠᠨᠴᠢ | ᠠᠷᠭ᠎ᠠ ᠪᠠᠷᠢᠯ ᠢ ᠭᠦᠢᠴᠡᠳ ᠠᠰᠢᠭᠯᠠᠨ᠂ ᠲᠣᠮᠣ ᠳᠡᠯᠭᠡᠴᠡ ᠶᠢᠨ ᠲᠤᠬᠠᠶ ᠶᠢᠨ ᠴᠠᠭ ᠤᠨ ᠬᠢᠨᠠᠨ ᠡᠵᠡᠮᠳᠡᠬᠦ | ᠰᠢᠰᠲ᠋ᠧᠮ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠪᠠᠨ ᠳᠣᠲᠣᠷᠠᠬᠢ ᠣᠶ ᠰᠢᠭᠤᠶ ᠨᠤᠲᠤᠭ ᠪᠡᠯᠴᠢᠭᠡᠷ ᠲᠤ 24 | ᠴᠠᠭ ᠤᠨ ᠲᠠᠰᠤᠷᠠᠯᠲᠠ ᠥᠬᠡᠶ ᠬᠢᠨᠠᠨ ᠬᠡᠮᠵᠢᠯᠲᠡ ᠬᠢᠪᠡ︔ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢᠨ | ᠬᠥᠮᠥᠷᠭᠡ ᠶᠢ ᠲᠡᠭᠦᠯᠳᠡᠷᠵᠢᠭᠦᠯᠵᠦ᠂ ᠰᠠᠯᠬᠢᠨ ᠬᠦᠴᠦᠨ ᠢᠶᠠᠷ ᠭᠠᠯ ᠤᠨᠲᠠᠷᠠᠭᠠᠬᠤ ᠮᠠᠰᠢᠨ᠂ ᠰᠡᠷᠭᠡᠶᠢᠯᠡᠨ ᠬᠠᠮᠠᠭᠠᠯᠠᠬᠤ | ᠲᠣᠨᠣᠭᠯᠠᠯ ᠵᠡᠷᠭᠡ ᠭᠠᠯ ᠰᠡᠷᠭᠡᠶᠢᠯᠡᠬᠦ ᠡᠳ᠋ ᠪᠣᠳᠠᠰ ᠢ ᠭᠦᠢᠴᠡᠳ ᠨᠦᠬᠡᠴᠡᠯᠡᠬᠦ ᠶᠢᠨ ᠬᠠᠮᠲᠤ᠂ ᠠᠵᠢᠯᠲᠠᠳ ᠬᠠᠷᠢᠶ᠎ᠠ | ᠣᠷᠣᠨ ᠳᠠᠭᠠᠨ ᠭᠦᠨᠵᠡᠭᠡᠶᠢᠷᠡᠨ᠂ ᠰᠠᠭᠤᠭᠠᠯᠢ ᠠᠷᠠᠳ ᠲᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠪᠠ ᠤᠬᠠᠮᠰᠠᠷᠲᠤ ᠴᠢᠨᠠᠷ ᠢ | ᠳᠡᠭᠡᠭᠰᠢᠯᠡᠭᠦᠯᠪᠡ᠃ | | | | | | ᠲᠡᠷᠡᠴᠢᠯᠡᠨ 577 ᠰᠢᠶᠠᠨ ᠤ ᠵᠠᠮ᠂ 512 ᠤᠯᠤᠰ ᠤᠨ ᠵᠠᠮ ᠤᠨ ᠳᠠᠭᠠᠤ ᠳᠤ ᠤᠢ ᠰᠢᠭᠤᠢ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠳᠦᠷᠦ ᠶᠢᠨ ᠪᠤᠳᠤᠯᠭ᠎ᠠ ᠶᠢ ᠲᠣᠭᠲᠠᠭᠰᠠᠨ ᠴᠠᠭ ᠲᠤ ᠨᠡᠪᠲᠡᠷᠡᠭᠦᠯᠪᠡ᠃ | ᠹᠧᠩᠵᠧᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ ᠪᠠᠰᠠ ᠲᠤᠰᠬᠠᠶ | ᠮᠡᠷᠭᠡᠵᠢᠯ ᠤᠨ ᠠᠭᠤᠯᠠ ᠴᠠᠭᠳᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠲᠣᠭᠤᠷᠢᠨ ᠬᠠᠮᠠᠭᠠᠯᠠᠬᠤ ᠡᠷᠴᠢᠮ ᠪᠠ | ᠤᠳᠠᠭ᠎ᠠ ᠳᠠᠷᠠᠭ᠎ᠠ ᠪᠠᠨ ᠴᠢᠩᠭᠠᠳᠬᠠᠪᠠ᠃ ᠭᠤᠤᠯ ᠪᠣᠯᠬᠤ ᠠᠭᠤᠯᠠᠨ ᠳᠤ ᠣᠷᠣᠬᠤ ᠵᠠᠮ ᠤᠨ ᠠᠭᠤᠯᠵᠠᠷ ᠲᠤ | ᠪᠠᠶᠢᠴᠠᠭᠠᠬᠤ ᠥᠷᠲᠡᠭᠡ ᠪᠠᠶᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠣᠷᠣᠨ ᠪᠦᠰᠡ ᠶᠢᠨ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠰᠢᠭᠤᠶᠢᠲᠤ ᠣᠷᠣᠨ ᠤ ᠵᠠᠮ ᠵᠡᠷᠭᠡ | ᠭᠠᠯ ᠤᠨ ᠠᠶᠤᠯ ᠠᠮᠠᠷᠬᠠᠨ ᠡᠭᠦᠰᠬᠦ ᠭᠠᠵᠠᠷ ᠤᠨ ᠬᠡᠰᠡᠭ ᠲᠤ ᠲᠣᠤᠷ ᠲᠠᠲᠠᠬᠤ ᠮᠠᠶ᠋ᠢᠭ ᠤᠨ ᠪᠠ ᠭᠤᠤᠯᠳᠠᠯᠭ᠎ᠠ ᠲᠠᠢ | ᠣᠷᠣᠨ ᠪᠦᠰᠡ ᠳᠤ ᠨᠠᠷᠢᠨ ᠨᠢᠮᠪᠠᠶ ᠵᠢᠭᠰᠠᠭᠠᠨ ᠪᠠᠶᠢᠴᠠᠭᠠᠯᠲᠠ ᠬᠢᠵᠦ᠂ ᠭᠠᠯ ᠤᠨ ᠭᠠᠮᠰᠢᠭ ᠤᠨ ᠳᠠᠯᠳᠠ ᠬᠡᠮ ᠢ | ᠠᠷᠢᠯᠭᠠᠪᠠ᠃ | ᠹᠧᠩᠵᠧᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠠᠯ ᠰᠡᠷᠭᠡᠶᠢᠯᠡᠬᠦ | ᠲᠥᠪ ᠤᠨ ᠳᠡᠳ᠋ ᠡᠷᠬᠢᠯᠡᠭᠴᠢ ᠯᠢ ᠭᠦᠸᠧ ᠹᠸᠢ ᠰᠤᠷᠪᠤᠯᠵᠢᠯᠠᠭ᠎ᠠ ᠬᠦᠯᠢᠶᠡᠬᠦ ᠳᠡᠭᠡᠨ ᠭᠠᠯ ᠤᠨ ᠢᠷᠡᠯᠲᠡ ᠶᠢ | ᠬᠠᠮᠢᠶᠠᠷᠤᠨ ᠡᠵᠡᠮᠳᠡᠬᠦ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠳ᠋ ᠪᠣᠳᠠᠰ ᠤᠨ ᠨᠥᠭᠡᠴᠡ ᠶᠢ | ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠪᠠᠴᠢᠮ | ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠶᠢ ᠭᠦᠨᠵᠡᠭᠡᠶᠢᠷᠡᠭᠦᠯᠦᠨ᠂ ︽ᠣᠶᠤᠨᠴᠢ ᠪᠠᠷ ᠭᠠᠯ ᠰᠡᠷᠭᠡᠶᠢᠯᠡᠬᠦ︾ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠣᠯᠠᠨ ᠠᠷᠭ᠎ᠠ ᠬᠡᠮᠵᠢᠶ᠎ᠡ ᠪᠠᠷ ᠭᠠᠯ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ︽ | ᠠᠭᠤᠯᠠ ᠶᠢ ᠬᠠᠮᠢᠶᠠᠷᠬᠤ ᠬᠥᠮᠦᠨ ᠲᠠᠢ᠂ ᠣᠶ ᠶᠢ ᠬᠠᠮᠠᠭᠠᠯᠠᠬᠤ ᠬᠥᠮᠦᠨ ᠲᠠᠢ᠂ ᠭᠠᠯ ᠢ ᠰᠡᠷᠭᠡᠶᠢᠯᠡᠬᠦ ᠬᠥᠮᠦᠨ ᠲᠠᠢ᠂ | ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ︾ ᠪᠠᠶᠢᠬᠤ ᠶᠢ ᠦᠨᠡᠨᠬᠦ ᠪᠠᠲᠤᠯᠠᠨ᠎ᠠ ᠭᠡᠪᠡ᠃ | | | | | | ᠡᠨᠡ ᠵᠢᠯ ᠠᠴᠠ ᠨᠠᠰᠢ ᠹᠧᠩᠵᠧᠨ ᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠬᠢᠨ | ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠲᠤᠷᠠᠭᠰᠠᠨ | ᠰᠡᠷᠭᠡᠶᠢᠯᠡᠯᠲᠡ ᠶᠢᠨ ᠪᠣᠳᠠᠲᠤ ᠪᠠᠶᠢᠯᠳᠤᠭᠠᠨ ᠤ ᠰᠣᠷᠢᠯᠲᠠ ᠶᠢ ᠤᠯᠠᠨ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ | ᠤᠯᠠᠨ ᠰᠠᠯᠠᠭ᠎ᠠ ᠮᠥᠴᠢᠷ ᠤᠨ ᠬᠢᠨ ᠬᠠᠮᠲᠤᠷᠠᠨ ᠬᠥᠳᠡᠯᠦᠯᠴᠡᠵᠦ᠂ ᠰᠣᠷᠢᠯᠲᠠ ᠳᠤ ᠨᠡᠶᠢᠳᠡ 300 ᠭᠠᠷᠤᠢ ᠬᠥᠮᠦᠨ | ᠲᠣᠮᠢᠯᠠᠨ ᠣᠴᠢᠭᠤᠯᠵᠤ᠂ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ | ᠬᠠᠮᠵᠢᠯᠴᠠᠨ ᠪᠠᠶᠢᠯᠳᠤᠬᠤ ᠴᠢᠳᠠᠪᠤᠷᠢ ᠶᠢ ᠲᠠᠰᠤᠷᠠᠯᠳᠡ ᠦᠭᠡᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ | ᠬᠠᠩᠰᠢ ᠶᠢᠨ ᠡᠳᠦᠷ᠂ ︽ᠲᠠᠪᠤᠨ ᠰᠠᠷ᠎ᠠ ᠶᠢᠨ ᠨᠢᠭᠡᠨ︾ ᠵᠡᠷᠭᠡ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠶ ᠴᠠᠭ | ᠬᠤᠭᠤᠴᠠᠭ᠎ᠠ ᠶᠢ ᠴᠢᠩᠭ᠎ᠠ ᠠᠩᠬᠠᠷᠴᠤ᠂ ︽ᠬᠥᠮᠦᠨ ᠢᠶᠠᠷ ᠰᠡᠷᠭᠡᠶᠢᠯᠡᠬᠦ + ᠪᠣᠳᠠᠰ ᠢᠶᠠᠷ ᠰᠡᠷᠭᠡᠶᠢᠯᠡᠬᠦ + | ᠮᠡᠷᠭᠡᠵᠢᠯ ᠢᠶᠠᠷ ᠰᠡᠷᠭᠡᠶᠢᠯᠡᠬᠦ︾ ᠭᠤᠷᠪᠠ ᠶᠢ ᠨᠢᠭᠡ ᠴᠤᠭᠴᠠᠵᠢᠭᠤᠯᠤᠭᠰᠠᠨ ᠰᠡᠷᠭᠡᠶᠢᠯᠡᠨ ᠡᠵᠡᠮᠳᠡᠬᠦ ᠲᠣᠤᠷ | ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠢ ᠭᠦᠢᠴᠡᠳ | ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠤᠶᠤᠨᠴᠢᠯᠠᠭᠰᠠᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ︽ᠬᠠᠮ ᠠᠷᠭ᠎ᠠ︾ ᠶᠢ | ᠰᠠᠶᠢᠲᠤᠷ ᠬᠡᠷᠡᠭᠵᠢᠭᠦᠯᠵᠦ᠂ ᠣᠶ ᠰᠢᠭᠤᠶ ᠶᠢᠨ ᠭᠠᠯ ᠤᠨ ᠭᠠᠮᠰᠢᠭ ᠢ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠡᠵᠡᠮᠳᠡᠬᠦ ᠰᠢᠨ᠎ᠡ ᠪᠠᠶᠢᠷᠢᠰᠢᠯ ᠢ ᠢᠳᠡᠪᠬᠢᠲᠡᠶ ᠪᠣᠶ ᠪᠣᠯᠭᠠᠵᠤ᠂ ᠣᠶ ᠰᠢᠭᠤᠶ ᠨᠤᠲᠤᠭ | ᠪᠡᠯᠴᠢᠭᠡᠷ ᠤᠨ ᠪᠣᠬᠢᠷᠲᠤᠯ ᠥᠬᠡᠶ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ | | | | ᠵᠣᠬᠢᠶᠠᠭᠴᠢ᠄ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |