ᠯᠢ ᠱᠦ ᠸᠧᠶ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/4/7
  4 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠶ ᠬᠤᠩᠱᠠᠨ ᠣᠶ ᠰᠢᠭᠤᠶ ᠶᠢᠨ ᠲᠠᠯᠠᠪᠠᠶ᠂ ᠬᠤᠨ ᠶᠤᠸᠠᠨ ᠶᠣᠣ ᠰᠢᠶᠠᠩ᠂ ᠵᠢᠤᠢ ᠪᠦᠦ ᠵᠤᠸᠠᠩ ᠪᠠᠯᠭᠠᠰᠤ ᠵᠡᠷᠭᠡ ᠭᠠᠵᠠᠷ ᠢᠶᠠᠷ ᠭᠦᠨᠵᠡᠭᠡᠶᠢᠷᠡᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠥᠬᠦᠶ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠲᠠ ᠶᠢᠨ ᠤᠳᠤᠷᠢᠳᠤᠯᠭ᠎ᠠ ᠹᠦ᠋ ᠵᠢᠶᠠᠩ ᠲᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠤᠯᠴᠠᠪᠠ᠃
   ᠬᠦᠷᠦᠭᠰᠡᠨ ᠭᠠᠵᠠᠷ ᠪᠣᠯᠭᠠᠨ ᠳᠤ᠂ ᠯᠢ ᠱᠦ ᠸᠧᠶ ᠴᠥᠮ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠠᠮᠢᠶ᠎ᠠ ᠪᠥᠬᠦᠶ ᠬᠠᠷᠢᠭᠤᠴᠠᠯᠭᠠᠲᠠᠨ ᠤ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠲᠣᠭᠲᠠᠴᠠ ᠵᠢᠴᠢ ᠲᠣᠭᠲᠠᠭᠠᠯ ᠢ ᠵᠥᠷᠢᠴᠡᠨ ᠭᠠᠯ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠰᠢᠢᠳᠪᠦᠷᠢᠯᠡᠭᠰᠡᠨ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠪᠠ᠃
   ᠯᠢ ᠱᠦ ᠸᠧᠢ᠄ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠤᠩᠭᠤᠨ ᠱᠦᠭᠦᠷᠳᠡᠨ ᠳᠠᠬᠢᠬᠤ ᠠᠵᠢᠯᠯᠠᠭ᠎ᠠ ᠣᠯᠠᠰᠢᠷᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠦᠨᠡᠨᠬᠦ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ︔ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠡᠯ᠎ᠡ ᠵᠦᠢᠯ ᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠬᠥᠮᠦᠨ ᠳᠠᠭᠠᠷᠠᠪᠠᠯ ᠵᠠᠪᠠᠯ ᠪᠠᠶᠢᠴᠠᠭᠠᠵᠤ᠂ ᠲᠡᠷᠭᠡ ᠳᠠᠭᠠᠷᠠᠪᠠᠯ ᠵᠠᠪᠠᠯ ᠪᠠᠶᠢᠴᠠᠭᠠᠬᠤ︾ ᠶᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ︔ ᠤᠬᠠᠭᠤᠯᠬᠤ ᠡᠷᠴᠢᠮ ᠢᠶᠠᠨ ᠨᠡᠮᠡᠭᠳᠡᠭᠦᠯᠦᠨ᠂ ᠡᠯ᠎ᠡ ᠵᠦᠢᠯ ᠤᠨ ᠵᠠᠭᠤᠴᠢᠯᠠᠭᠤᠷ ᠪᠣᠯᠤᠨ ᠤᠬᠠᠭᠤᠯᠬᠤ ᠠᠷᠭ᠎ᠠ ᠪᠠᠷᠢᠯ ᠢ ᠭᠦᠢᠴᠡᠳ ᠠᠰᠢᠭᠯᠠᠨ᠂ ᠤᠬᠠᠭᠤᠯᠬᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠤᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠤᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠶᠤᠯ ᠥᠭᠡᠢ ᠪᠠᠶᠢᠬᠤ ᠶᠢ ᠪᠠᠲᠤᠯᠠᠬᠤ ᠬᠡᠷᠡᠭᠲᠡᠶ︔ ᠪᠥᠬᠦ ᠬᠤᠲᠠ ᠶᠢᠨ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠢᠨ ᠠᠵᠢᠯᠲᠠᠨ ᠢᠶᠠᠨ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠳᠠᠭᠠᠭᠠᠴᠢᠯᠠᠨ ᠬᠤᠯᠪᠣᠭᠠᠯᠠᠭᠰᠠᠨ ᠰᠢᠶᠠᠩ ᠪᠠᠯᠭᠠᠰᠤ ᠳᠤ ᠭᠦᠨᠵᠡᠭᠡᠶᠢᠷᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠵᠦ᠂ ᠭᠠᠯ ᠤᠨ ᠭᠠᠮᠰᠢᠭ ᠤᠨ ᠠᠳᠡᠯ ᠭᠠᠷᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃    ᠡᠨᠡ ᠬᠤᠭᠤᠴᠠᠭᠠᠨ ᠳᠤ᠂ ᠯᠢ ᠱᠦ ᠸᠧᠶ ᠪᠠᠰᠠ ᠵᠠᠮ ᠳᠠᠭᠠᠤ ᠶᠢᠨ ᠰᠢᠶᠠᠩ ᠪᠠᠯᠭᠠᠰᠤᠨ ᠤ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠠᠷᠢᠶᠠᠲᠤ ᠭᠠᠵᠠᠷ ᠤᠨ ᠰᠢᠶᠠᠩ ᠪᠠᠯᠭᠠᠰᠤ ᠶᠢ ᠣᠯᠠᠨ ᠲᠦᠮᠡᠨ ᠤ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠳᠤ ᠣᠷᠣᠯᠴᠠᠬᠤ ᠢᠳᠡᠪᠬᠢᠵᠢᠯ ᠢ  ᠭᠦᠢᠴᠡᠳ ᠳᠠᠶᠢᠴᠢᠯᠠᠨ᠂ ᠲᠠᠷᠢᠶᠠᠨ ᠭᠠᠵᠠᠷ ᠤᠨ ᠦᠵᠦᠭᠦᠷ ᠤᠨ ᠦᠯᠡᠳᠡᠭᠳᠡᠯ ᠪᠦᠷᠬᠦᠪᠴᠢ ᠶᠢ ᠴᠡᠪᠡᠷᠯᠡᠬᠦ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠦᠨᠡᠨᠬᠦ ᠰᠠᠶᠢᠲᠤᠷ ᠬᠠᠮᠠᠭᠠᠯᠠᠬᠤ ᠶᠢ ᠱᠠᠭᠠᠷᠳᠠᠪᠠ᠃        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3