| 4 ᠰᠠᠷ᠎ᠠ ᠶᠢᠨ 4 ᠤ ᠦᠳᠡ ᠶᠢᠨ ᠡᠮᠦᠨ᠎ᠡ᠂ ᠯᠢ ᠶᠢᠩ ᠬᠤᠶᠢᠳᠤ ᠠᠭᠤᠯᠠ᠂ ᠯᠦᠩ ᠱᠧᠩ ᠵᠤᠸᠠᠩ ᠤᠨ | ᠰᠦᠢᠳᠬᠡᠯ ᠬᠤᠷᠢᠶᠠᠬᠤ ᠦᠷᠳᠡᠭᠡ᠂ ᠠᠷᠪᠠᠳᠤᠭᠠᠷ ᠲᠣᠰᠬᠤᠨ᠂ ᠡᠯ ᠪᠦ᠋ ᠳ᠋ᠦᠩ ᠠᠭᠤᠯᠠ᠂ ᠡᠮᠦᠨ᠎ᠡ ᠠᠭᠤᠯᠠ ᠵᠡᠷᠭᠡ | ᠭᠠᠵᠠᠷ ᠲᠤ ᠬᠦᠷᠴᠦ᠂ ᠬᠠᠩᠰᠢ ᠶᠢᠨ ᠬᠤᠭᠤᠴᠠᠭᠠᠨ ᠳᠠᠬᠢ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠭᠠᠯ ᠢ ᠤᠨᠲᠠᠷᠠᠭᠠᠬᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠤᠭᠤᠳᠴᠤ᠂ ᠬᠤᠲᠠ ᠶᠢᠨ | ᠤᠳᠤᠷᠢᠳᠤᠯᠭ᠎ᠠ ᠸᠧᠶ ᠭᠦᠸᠧ ᠴᠦᠨ᠂ ᠵᠠᠩ ᠰᠢᠨ᠂ ᠵᠧᠤ ᠵᠢᠶᠠᠨ ᠫᠢᠩ ᠨᠠᠷ ᠪᠠᠶᠢᠴᠠᠭᠠᠯᠲᠠ ᠳᠤ ᠣᠷᠣᠯᠴᠠᠪᠠ᠃ | | ᠯᠢ ᠶᠢᠩ ᠨᠡᠷ ᠬᠢᠨᠠᠨ ᠵᠢᠯᠣᠭᠤᠳᠬᠤ ᠶᠠᠪᠤᠴᠠ ᠳᠤ ᠭᠠᠯ ᠰᠡᠷᠭᠡᠶᠢᠯᠡᠬᠦ ᠠᠵᠢᠯ ᠤᠨ ᠡᠬᠡ ᠲᠠᠩᠰᠠ ᠶᠢ ᠨᠠᠷᠢᠨ | ᠪᠠᠶᠢᠴᠠᠭᠠᠨ ᠦᠵᠡᠵᠦ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠵᠢᠵᠢᠭᠦᠷᠯᠡᠨ ᠰᠠᠬᠢᠬᠤ᠂ ᠬᠡᠮ ᠰᠣᠭᠤᠭ ᠢ | ᠵᠢᠭᠰᠠᠭᠠᠨ ᠪᠠᠶᠢᠴᠠᠭᠠᠬᠤ᠂ ᠭᠠᠯ ᠰᠡᠷᠭᠡᠶᠢᠯᠡᠬᠦ ᠮᠡᠳᠡᠯᠭᠡ ᠶᠢ ᠤᠬᠠᠭᠤᠯᠬᠤ᠂ ᠡᠳ᠋ ᠪᠣᠳᠠᠰ ᠢ ᠨᠥᠭᠡᠴᠡᠯᠡᠬᠦ ᠵᠡᠷᠭᠡ | ᠪᠣᠳᠠᠲᠠᠶ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ | | ᠯᠢ ᠶᠢᠩ᠄ ᠣᠳᠣᠬᠠᠨ ᠳᠤ ᠠᠭᠤᠷ ᠠᠮᠢᠰᠬᠤᠯ ᠤᠯᠠᠮ ᠢᠶᠠᠷ ᠳᠤᠯᠠᠭᠠᠷᠠᠵᠤ᠂ ᠰᠠᠯᠬᠢᠨ ᠤ ᠬᠦᠴᠦ ᠨᠡᠯᠢᠶᠡᠳ ᠶᠡᠭᠡ | ᠪᠠᠶᠢᠵᠤ᠂ ᠮᠠᠨ ᠤ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ | ᠵᠠᠩᠭᠢᠯᠠᠭ᠎ᠠ ᠶᠢᠨ ᠱᠠᠲᠤᠨ ᠳᠤ ᠤᠷᠤᠭᠰᠠᠨ ᠠᠴᠠ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ | ᠡᠷᠬᠡᠪᠰᠢ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢᠶᠠᠨ ᠲᠡᠪᠴᠢᠵᠦ᠂ ᠠᠮᠤᠷ | ᠲᠦᠪᠰᠢᠨ ᠤ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ︔ ᠡᠯ᠎ᠡ ᠰᠠᠯᠠᠭ᠎ᠠ | ᠮᠥᠴᠢᠷ ᠤᠨ ᠬᠢᠨ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠤᠢ ᠰᠢᠭᠤᠶ ᠶᠢᠨ ᠭᠠᠯ | ᠰᠡᠷᠭᠡᠶᠢᠯᠡᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠰᠡᠷᠭᠡᠶᠢᠯᠡᠬᠦ ᠠᠷᠭ᠎ᠠ | ᠬᠡᠮᠵᠢᠶ᠎ᠡ ᠪᠣᠯᠤᠨ ᠵᠢᠵᠢᠭᠦᠷᠯᠡᠨ ᠰᠠᠬᠢᠬᠤ ᠲᠥᠷᠢᠮ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ︔ | ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠣᠷᠣᠨ ᠪᠠᠶᠢᠷᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠡᠬᠢ ᠡᠭᠦᠰᠦᠯ ᠠᠴᠠ ᠨᠢ ᠴᠢᠩᠭ᠎ᠠ ᠬᠠᠮᠢᠶᠠᠷᠤᠨ ᠡᠵᠡᠮᠳᠡᠵᠦ᠂ ᠭᠠᠯ ᠤᠨ ᠲᠥᠷᠥᠯ ᠤᠨ | ᠠᠭᠤᠯᠠᠨ ᠳᠤ ᠣᠷᠣᠵᠤ ᠣᠶ ᠰᠢᠭᠤᠶ ᠳᠤ ᠣᠷᠣᠬᠤ ᠶᠢ ᠴᠢᠩᠭ᠎ᠠ ᠰᠡᠷᠭᠡᠶᠢᠯᠡᠨ᠂ ᠳᠠᠯᠳᠠ ᠬᠡᠮ ᠢ ᠵᠢᠭᠰᠠᠭᠠᠨ | ᠪᠠᠶᠢᠴᠠᠭᠠᠬᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ | ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠵᠠᠰᠠᠵᠤ᠂ | ᠡᠳ᠋ ᠪᠣᠳᠠᠰ ᠤᠨ ᠪᠦᠷᠢᠨ ᠭᠦᠢᠴᠡᠳ᠂ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠶ︔ ᠪᠠᠴᠢᠮ ᠪᠠᠶᠢᠳᠠᠯ ᠢ | ᠠᠷᠭᠠᠴᠠᠭᠠᠬᠤ ᠶᠢᠨ ᠠᠪᠤᠷᠠᠨ ᠲᠤᠰᠠᠯᠠᠬᠤ ᠡᠩᠨᠡᠭᠡ ᠶᠢᠨ ᠬᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ | ᠪᠣᠳᠠᠲᠤ ᠪᠠᠶᠢᠯᠳᠤᠭᠠᠨ ᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠡᠮᠦᠨ᠎ᠡ ᠨᠢ ᠰᠡᠷᠭᠡᠶᠢᠯᠡᠨ ᠰᠠᠭᠤᠵᠤ᠂ | ᠭᠠᠯ ᠤᠨ ᠪᠠᠶᠢᠳᠠᠯ ᠭᠠᠷᠤᠮᠠᠭᠴᠠ ᠳᠠᠷᠤᠶ ᠲᠦᠷᠭᠡᠨ ᠮᠡᠳᠡᠭᠳᠡᠵᠦ᠂ ᠪᠦᠲᠦᠮᠵᠢᠲᠡᠶ ᠰᠢᠢᠳᠪᠦᠷᠢᠯᠡᠬᠦ ᠶᠢ ᠦᠨᠡᠨᠬᠦ | ᠪᠠᠲᠤᠯᠠᠬᠤ ᠬᠡᠷᠡᠭᠲᠡᠶ︔ ᠡᠭᠦᠨ ᠠᠴᠠ ᠭᠠᠳᠠᠨ᠎ᠠ᠂ ᠣᠯᠠᠨ ᠠᠷᠭ᠎ᠠ ᠵᠠᠮ ᠢᠶᠠᠷ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠢ | ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠪᠣᠯᠪᠠᠰᠤᠨ ᠢᠶᠠᠷ ᠳᠠᠬᠢᠯᠭ᠎ᠠ ᠬᠢᠬᠦ ᠶᠢ ᠢᠳᠡᠪᠬᠢᠲᠡᠶ ᠪᠠᠷ ᠬᠥᠲᠥᠯᠦᠨ | ᠵᠢᠯᠣᠭᠤᠳᠴᠤ᠂ ᠪᠥᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠦᠨ᠂ ᠪᠥᠬᠦ | ᠨᠡᠶᠢᠭᠡᠮ ᠢᠶᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠳᠤ ᠬᠠᠮᠲᠤ ᠪᠠᠷ | ᠣᠷᠣᠯᠴᠠᠬᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠤᠯᠭᠠᠭᠠᠷᠠᠢ ᠭᠡᠪᠡ᠃ | | | ᠵᠣᠬᠢᠶᠠᠭᠴᠢ᠄ ᠰᠢᠤᠸᠠᠨ ᠶᠠᠨ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |