︽ᠰᠦᠯᠵᠢᠶᠡᠨ ᠤ ᠳᠤᠮᠳᠠᠳᠤ ᠤᠯᠤᠰ ᠤᠨ ᠳᠤᠷᠠᠰᠬᠠᠯᠲᠤ ᠡᠳᠦᠷ · ᠬᠠᠩᠰᠢ︾
ᠨᠡᠶᠢᠲᠡᠯᠡᠭᠰᠡᠨ ᠴᠠᠭ᠄
2025/4/7
       —— ᠮᠠᠨ ᠤ ᠬᠤᠲᠠ ᠶᠢᠨ ᠬᠢᠨ ︽ᠮᠠᠨ ᠤ ᠳᠤᠷᠠᠰᠬᠠᠯᠲᠤ ᠡᠳᠦᠷ᠂ ᠬᠠᠩᠰᠢ ᠳᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ    4 ᠰᠠᠷ᠎ᠠ ᠶᠢᠨ 3 ᠤ ᠡᠳᠦᠷ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠬᠤᠲᠠ ᠶᠢᠨ  ᠬᠢᠨ ︽ᠮᠠᠨ ᠤ ᠳᠤᠷᠠᠰᠬᠠᠯᠲᠤ ᠡᠳᠦᠷ  ᠬᠠᠩᠰᠢ ᠳᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠷᠡᠭᠳᠡᠭᠰᠡᠨ ᠪᠠᠭᠠᠲᠤᠷᠴᠤᠳ ᠤᠨ ᠭᠠᠪᠢᠶ᠎ᠠ ᠵᠢᠳᠬᠦᠯ ᠢ ᠡᠷᠭᠢᠴᠡᠭᠦᠯᠦᠨ᠂ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠪᠠ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠭᠤᠷ ᠠᠮᠢᠰᠬᠤᠯ ᠲᠥᠪ ᠬᠢᠴᠢᠶᠡᠩᠭᠦᠢ ᠪᠠᠶᠢᠯ᠎ᠠ᠃ ᠬᠤᠳᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠶᠢᠨ ᠭᠠᠯ ᠤᠨᠲᠠᠷᠠᠭᠠᠬᠤ ᠵᠢᠯᠤᠭᠤᠳᠤᠬᠴᠢ ᠪᠠᠶᠢᠯᠳᠤᠭᠴᠢᠳ ᠲᠡᠷᠢ ᠲᠡᠭᠰᠢ ᠠᠯᠬᠤᠭ᠎ᠠ ᠪᠠᠷ ᠠᠯᠭᠤᠷᠬᠠᠨ ᠢᠶᠠᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢᠨ ᠳᠣᠣᠷ᠎ᠠ ᠬᠦᠷᠴᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠪᠡ᠃ ᠪᠦᠬᠦ ᠬᠥᠮᠦᠰ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠬᠦ ᠰᠡᠳᠬᠢᠯᠭᠡ ᠪᠠᠷ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠪᠠ᠃ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠭᠦᠨ ᠰᠡᠳᠬᠢᠯᠭᠡ ᠲᠠᠢ ᠪᠠᠷ ᠪᠠᠶᠠᠷ ᠤᠨ ᠶᠠᠷᠢᠶ᠎ᠠ ᠲᠠᠯᠪᠢᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠪᠠ᠃ ᠳᠠᠷᠠᠭ᠎ᠠ ᠳᠤᠨᠢ᠂ ᠰᠤᠷᠤᠭᠴᠢᠳ ᠤᠨ ᠲᠥᠯᠥᠭᠡᠯᠡᠭᠴᠢ ᠭᠦᠨ ᠰᠡᠳᠬᠢᠯᠭᠡ ᠲᠠᠢ ᠪᠠᠷ ᠦᠷᠡᠭᠳᠡᠭᠰᠡᠨ ᠪᠠᠭᠠᠲᠤᠷᠴᠤᠳ ᠲᠤ ᠦᠭᠡ ᠬᠡᠯᠡᠵᠦ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠦᠨᠳᠦᠳᠬᠡᠨ ᠪᠢᠰᠢᠷᠡᠬᠦ ᠰᠡᠳᠬᠢᠯᠭᠡ ᠪᠠᠨ ᠢᠯᠡᠳᠭᠡᠪᠡ᠃ ᠪᠦᠬᠦ ᠪᠠᠭᠰᠢ ᠰᠤᠷᠤᠭᠴᠢᠳ ᠲᠡᠷᠢ ᠲᠡᠭᠰᠢ ᠵᠣᠭᠰᠣᠭᠠᠳ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠳᠠᠭᠤᠤ︾ ᠶᠢ ᠬᠠᠮᠲᠤᠪᠠᠷ ᠳᠠᠭᠤᠯᠠᠪᠠ᠃ ᠶᠣᠰᠣᠯᠠᠯ ᠲᠡᠭᠦᠰᠦᠭᠰᠡᠨ ᠤ ᠲᠠᠷᠠᠭ᠎ᠠ᠂ ᠪᠦᠬᠦ ᠬᠥᠮᠦᠰ ᠰᠣᠷᠭᠤᠭ ᠴᠡᠴᠡᠭ ᠪᠠᠷᠢᠵᠤ᠂ ᠳᠤᠷᠠᠰᠬᠠᠯ ᠤᠨ ᠬᠦᠰᠢᠶ᠎ᠡ ᠶᠢ ᠬᠦᠷᠢᠶᠡᠯᠡᠵᠦ᠂ ᠬᠤᠪᠢᠰᠬᠠᠯ ᠤᠨ ᠲᠥᠯᠥᠭᠡ ᠦᠷᠡᠭᠳᠡᠭᠰᠡᠨ ᠪᠠᠭᠠᠲᠤᠷᠴᠤᠳ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃
   ᠡᠨᠡ ᠤᠳᠠᠭ᠎ᠠ ᠶᠢᠨ ᠭᠤᠣᠯ ᠰᠡᠳᠦᠪᠲᠦ ᠠᠵᠢᠯᠯᠠᠭ᠎ᠠ ᠨᠢ ᠬᠤᠪᠢᠰᠬᠠᠯ ᠤᠨ ᠨᠥᠭᠴᠢᠭᠰᠡᠨ ᠪᠠᠭᠠᠲᠤᠷᠴᠤᠳ ᠢ ᠭᠦᠨ ᠰᠡᠳᠬᠢᠯᠭᠡ ᠲᠠᠢ ᠪᠠᠷ ᠳᠤᠷᠠᠰᠤᠨ ᠰᠠᠨᠠᠭᠠᠯᠵᠠᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠨᠢᠭᠡ ᠤᠳᠠᠭ᠎ᠠ ᠶᠢᠨ ᠡᠬᠡ ᠣᠷᠣᠨᠴᠢ ᠦᠵᠡᠯ ᠤᠨ ᠠᠮᠢᠳᠤᠯᠢᠭ ᠬᠥᠮᠦᠵᠢᠯ ᠪᠠᠶᠢᠵᠤ᠂ ᠤᠯᠠᠨ ᠳᠤ ᠭᠦᠨ ᠭᠦᠨᠵᠡᠭᠡᠢ ᠤᠶᠤᠨ ᠰᠠᠨᠠᠭᠠᠨ ᠤ ᠤᠬᠢᠶᠠᠯ ᠬᠦᠷᠲᠡᠭᠡᠭᠰᠡᠨ ᠪᠠᠶᠢᠨ᠎ᠠ᠃ ᠠᠵᠢᠯᠯᠠᠭ᠎ᠠ ᠪᠠᠷ ᠲᠠᠮᠵᠢᠨ᠂ ᠥᠷᠭᠡᠨ ᠤᠯᠠᠨ ᠪᠠᠭᠰᠢ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠲᠦᠢᠯ ᠤᠨ ᠶᠡᠭᠡ ᠪᠠᠷ ᠬᠥᠭᠵᠢᠭᠡᠵᠦ᠂ ᠬᠤᠪᠢᠰᠬᠠᠯ ᠤᠨ ᠤᠳᠤᠮᠰᠢᠯ ᠢ ᠴᠢᠰᠤᠨ ᠰᠤᠳᠠᠯ ᠳᠤᠨᠢ ᠠᠭᠤᠰᠬᠠᠵᠤ᠂ ᠰᠢᠨ᠎ᠡ ᠨᠢᠭᠡ ᠦᠶ᠎ᠡ ᠶᠢᠨ ᠵᠠᠯᠠᠭᠤᠴᠤᠳ ᠪᠠᠭᠠᠴᠤᠳ ᠢ ᠵᠣᠷᠢᠭᠵᠢᠭᠤᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠵᠤᠷᠢᠭᠵᠢᠭᠤᠯᠪᠠ᠃
   ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠲᠥᠪ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠪᠡ︔ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠬᠤᠲᠠ ᠶᠢᠨ ᠬᠠᠩ ᠲᠢᠶᠠᠨ ᠰᠤᠷᠭᠠᠭᠤᠯᠢ ᠶᠢᠨ ᠬᠢᠨ ᠳᠠᠭᠠᠭᠠᠨ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠡᠭᠦᠷ᠂ ᠰᠢᠨ᠎ᠡ ᠬᠤᠳᠠ ᠲᠣᠭᠤᠷᠢᠭ ᠤᠨ ᠵᠡᠭᠡᠯᠢ ᠭᠤᠳᠤᠮᠵᠢ ᠶᠢᠨ ᠵᠢᠶᠠᠨ ᠱᠧ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠬᠢᠨ ᠬᠠᠮᠵᠢᠯᠴᠠᠨ ᠡᠷᠭᠢᠯᠡᠪᠡ᠃    ᠵᠣᠬᠢᠶᠠᠭᠴᠢ᠄ ᠶᠠᠨ ᠰᠢᠶᠠ ᠹᠸᠢ  ᠭᠦᠸᠧ ᠬᠤᠶ ᠮᠢᠨ    ᠨᠠᠶᠢᠷᠠᠭᠤᠯᠤᠭᠴᠢ᠄ ᠯᠢ ᠰᠧ ᠬᠤᠢ    ᠬᠢᠨᠠᠨ ᠬᠠᠷᠭᠤᠭᠤᠯᠤᠭᠴᠢ᠄ ᠶᠠᠨ ᠬᠤᠸᠠᠢ ᡁᠢ    ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ    ᠤᠷᠴᠢᠭᠤᠯᠤᠭᠴᠢ᠄ ᠬᠠᠨ ᠰᠢᠶᠤᠤ ᠿᠦᠩ    ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3