︽ᠤᠮᠠᠷᠠᠲᠤ ᠶᠢᠨ ᠰᠣᠶᠣᠯ ᠢ ᠪᠠᠳᠠᠷᠠᠭᠤᠯᠵᠤ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠨ᠎ᠡ
ᠨᠡᠶᠢᠲᠡᠯᠡᠭᠰᠡᠨ ᠴᠠᠭ᠄
2025/4/7
           —— ᠤᠮᠠᠷᠠᠲᠤ ᠶᠢᠨ ᠰᠣᠶᠣᠯ ᠢ ᠪᠠᠳᠠᠷᠠᠭᠤᠯᠵᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠪᠦᠳᠦᠭᠡᠨ᠎ᠡ — ᠹᠧᠩᠵᠧᠨ ᠬᠤᠳᠠ ᠶᠢᠨ ᠤᠯᠠᠭᠠᠨᠮᠥ᠋ᠴᠢᠷ ᠤᠨ ᠰᠢᠨ᠎ᠡ ᠪᠠᠷ ᠨᠠᠶᠢᠷᠠᠭᠤᠯᠤᠭᠰᠠᠨ ᠲᠡᠦᠬᠡᠨ ᠵᠦᠴᠦᠭᠡ ︽ᠠᠭᠤᠯᠵᠠᠯᠲᠠ︾ ᠤᠳᠠᠯ ᠦᠭᠡᠢ ᠤᠯᠠᠨ ᠲᠠᠢ ᠨᠢᠭᠤᠷᠳᠠᠬᠤ ᠪᠤᠯᠤᠨ᠎ᠠ    ᠹᠧᠩᠵᠧᠨ ᠬᠤᠲᠠ ᠶᠢᠨ ᠤᠯᠠᠭᠠᠨᠮᠥ᠋ᠴᠢᠷ ᠤᠨ ᠬᠢᠨ ᠵᠡᠭᠦᠨ ᠵᠠᠮ ᠤᠨ ᠬᠤᠶᠠᠷ ᠬᠦᠮᠦᠨ ᠤ ᠲᠠᠶᠢᠰᠠᠨ ᠤ ᠲᠡᠦᠬᠡ ᠶᠢᠨ ᠵᠦᠴᠦᠭᠡ ︽ᠠᠭᠤᠯᠵᠠᠯᠲᠠ︾ ᠶᠢ ᠪᠦᠬᠦ ᠬᠦᠴᠦᠨ ᠢᠶᠠᠷ ᠢᠶᠠᠨ ᠴᠣᠭᠴᠠᠯᠠᠪᠠ᠃ ᠲᠤᠰ ᠵᠦᠴᠦᠭᠡ ᠨᠢ ᠴᠠᠢ ᠮᠤᠷᠢᠨ ᠤ ᠡᠷᠲᠡᠨ ᠤ ᠵᠠᠮ ᠤᠨ ᠠᠷᠠᠯᠵᠢᠶ᠎ᠠ ᠬᠤᠳᠠᠯᠳᠤᠭᠠᠨ ᠤ ᠭᠠᠶᠢᠬᠠᠮᠰᠢᠭ ᠢᠶᠠᠷ ᠠᠷᠤ ᠦᠵᠡᠭᠳᠡᠯ ᠪᠣᠯᠭᠠᠵᠤ᠂ ᠦᠨᠳᠦᠰᠦᠲᠡᠨ ᠤ ᠪᠦᠯᠬᠦᠮᠳᠡᠯ᠂ ᠦᠨᠡᠨᠴᠢ ᠢᠲᠡᠭᠡᠮᠵᠢᠲᠡᠢ ᠠᠷᠠᠯᠵᠢᠶᠠᠨ ᠤ ᠵᠠᠮ ᠵᠡᠷᠭᠡ ᠭᠤᠣᠯ ᠰᠡᠳᠦᠪ ᠢ ᠠᠭᠤᠰᠤᠯᠴᠠᠭᠤᠯᠵᠤ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠤᠨ ᠬᠡᠯᠪᠡᠷᠢ ᠪᠠᠷ ᠹᠧᠩᠵᠧᠨ ᠤ ᠲᠡᠦᠬᠡ ᠰᠣᠶᠣᠯ ᠤᠨ ᠠᠭᠤᠯᠬᠤᠨ ᠢ ᠳᠡᠯᠭᠡᠨ ᠦᠵᠡᠭᠦᠯᠵᠦ᠂ ᠲᠠᠪᠤᠨ ᠰᠠᠷ᠎ᠠ ᠳᠤ ᠦᠵᠡᠭᠴᠢᠳ ᠲᠠᠢ ᠠᠭᠤᠯᠵᠠᠬᠤ ᠪᠠᠷ ᠵᠢᠱᠢᠵᠦ ᠪᠤᠢ᠃
   ᠹᠧᠩᠵᠧᠨ ᠬᠤᠲᠠ ᠶᠢᠨ ᠤᠯᠠᠭᠠᠨᠮᠥ᠋ᠴᠢᠷ ᠤᠨ ᠪᠤᠯᠪᠠᠰᠤᠷᠠᠭᠤᠯᠤᠯ ᠤᠨ ᠲᠢᠩᠬᠢᠮ ᠳᠤ ᠲᠣᠭᠯᠠᠭᠴᠢᠳ ᠶᠠᠭ ᠰᠠᠶᠢᠬᠠᠨ ᠭᠤᠶᠣᠯᠠᠵᠤ ᠴᠢᠮᠡᠭᠯᠡᠬᠦ ᠪᠠᠷ ᠶᠠᠭᠠᠷᠠᠯᠲᠠᠶ ᠤᠷᠤᠯᠳᠤᠵᠤ᠂ ᠭᠤᠶᠣᠯᠠᠯ ᠤᠨ ᠪᠦᠯᠬᠦᠮ ᠤᠨ ᠬᠢᠨ ᠳᠦᠷᠢ ᠶᠢᠨ ᠢᠶᠠᠨ ᠣᠨᠴᠠᠯᠢᠭ ᠢ ᠦᠨᠳᠦᠰᠦᠯᠡᠨ ᠭᠤᠶᠣᠯᠠᠯ ᠤᠨ ᠵᠢᠷᠤᠭ ᠲᠥᠰᠦᠪᠯᠡᠵᠦ ᠪᠠᠶᠢᠪᠠ᠃ ᠤᠳᠤᠷᠢᠳᠤᠭᠠᠴᠢ ᠶᠢᠨ ᠳᠤᠭᠤᠶᠢᠯᠠᠩ ᠤᠨ ᠬᠢᠨ ᠲᠠᠶᠢᠰᠠᠨ ᠤ ᠦᠭᠡ᠂ ᠠᠪᠢᠶ᠎ᠠ᠂ ᠮᠥᠴᠢ ᠶᠢᠨ ᠦᠭᠡ ᠬᠡᠯᠡ᠂  ᠴᠠᠭᠠᠬᠰᠢᠯᠠᠭᠠᠳ ᠪᠢᠴᠢᠯ ᠰᠡᠳᠬᠢᠯᠭᠡ ᠶᠢᠨ ᠢᠯᠡᠷᠡᠯ ᠢ ᠨᠢᠭᠡᠳ ᠨᠢᠭᠡ ᠪᠠᠷ ᠲᠣᠬᠢᠷᠠᠭᠤᠯᠵᠤ᠂ ᠪᠥᠬᠦ ᠲᠣᠭᠯᠠᠭᠴᠢᠳ ᠢ ᠴᠠᠭ ᠨᠡᠮᠡᠵᠦ ᠠᠵᠢᠯᠯᠠᠭᠤᠯᠵᠤ᠂ ᠵᠦᠴᠦᠭᠡ ᠶᠢᠨ ᠪᠦᠲᠦᠭᠡᠯ ᠤᠨ ᠦᠷ᠎ᠡ ᠳ᠋ᠦᠩ ᠢ ᠪᠦᠷᠢᠨ ᠲᠡᠭᠦᠯᠳᠡᠷ ᠢᠯᠡᠷᠡᠭᠦᠯᠬᠦ ᠪᠠᠷ ᠴᠢᠷᠮᠠᠶᠢᠨ᠎ᠠ᠃    ᠹᠧᠩᠵᠧᠨ ᠬᠤᠲᠠ ᠶᠢᠨ ᠤᠯᠠᠭᠠᠨᠮᠥ᠋ᠴᠢᠷ ᠤᠨ ᠠᠩᠭᠢ ᠶᠢᠨ ᠳᠠᠷᠤᠭ᠎ᠠ ᠵᠣᠣ ᠯᠸᠢ᠄ ︽ᠮᠠᠨ ᠤ ᠬᠤᠪᠴᠠᠰᠤ ᠬᠤᠨᠠᠷ ᠪᠠᠭᠠᠵᠢ ᠬᠡᠷᠡᠭᠰᠡᠯ ᠪᠣᠯᠤᠨ ᠳᠠᠭᠤᠤ ᠬᠥᠭᠵᠢᠮ ᠤᠨ ᠥᠯᠢᠭᠡᠷ ᠶᠠᠩᠵᠤ ᠴᠥᠮ ᠪᠡᠯᠡᠭᠡᠨ ᠪᠤᠯᠵᠤ᠂ ᠲᠠᠪᠤᠨ ᠰᠠᠷ᠎ᠠ ᠶᠢᠨ ᠣᠷᠴᠢᠮ ᠢᠶᠠᠷ ᠪᠥᠬᠦ ᠬᠤᠲᠠ ᠶᠢᠨ ᠤᠯᠠᠨ ᠲᠦᠮᠡᠨ ᠲᠠᠢ ᠠᠭᠤᠯᠵᠠᠬᠤ ᠶᠢ ᠢᠲᠡᠭᠡᠵᠦ ᠪᠠᠶᠢᠨ᠎ᠠ︾ ᠭᠡᠪᠡ᠃    ︽ᠠᠭᠤᠯᠵᠠᠯᠲᠠ︾ ᠨᠢ ᠴᠢᠩ ᠤᠯᠤᠰ ᠤᠨ ᠰᠡᠭᠦᠯᠴᠢ ᠢᠷᠭᠡᠨ ᠤᠯᠤᠰ ᠤᠨ ᠡᠬᠢᠨ ᠤ ᠦᠶ᠎ᠡ᠂ ᠯᠦᠩ ᠱᠧᠩ ᠵᠤᠸᠠᠩ ᠪᠠᠯᠭᠠᠰᠤ ᠪᠠᠷ ᠠᠷᠤ ᠦᠵᠡᠭᠳᠡᠯ ᠪᠣᠯᠭᠠᠵᠤ᠂ ︽ᠰᠠᠨ ᠷᠦᠢ ᠶᠤᠸᠠᠨ︾ ᠨᠡᠷᠡᠮᠵᠢᠲᠦ ᠶᠧᠪᠡᠩ ᠤᠨ ᠠᠵᠤ  ᠦᠢᠯᠡᠰ ᠪᠣᠯᠤᠨ ᠴᠠᠶ᠂ ᠲᠣᠷᠭ᠎ᠠ ᠳᠤᠷᠳᠤᠩ ᠤᠨ ᠠᠷᠠᠯᠵᠢᠶ᠎ᠠ ᠶᠢᠨ ᠲᠣᠭᠤᠷᠢᠨ ᠳᠤ ᠥᠷᠨᠢᠭᠦᠯᠵᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠬᠢᠵᠢᠭ ᠤᠨ ᠪᠠᠶᠢᠳᠠᠯ ᠢ ᠡᠰᠡᠷᠭᠦᠴᠡᠬᠦ᠂ ᠦᠨᠳᠦᠰᠦᠲᠡᠨ ᠤ ᠪᠦᠯᠬᠦᠮᠳᠡᠯ ᠵᠡᠷᠭᠡ ᠠᠭᠤᠯᠭ᠎ᠠ ᠪᠠᠷ ᠳᠠᠮᠵᠢᠭᠤᠯᠤᠨ᠂ ᠤᠮᠠᠷᠠᠲᠤ ᠬᠢᠯᠢ ᠶᠢᠨ ᠰᠣᠶᠣᠯ ᠳᠠᠬᠢ ᠤᠯᠤᠰ ᠬᠡᠷ ᠤᠨ ᠬᠠᠶᠢᠷ᠎ᠠ ᠰᠡᠳᠬᠢᠯᠭᠡ ᠪᠣᠯᠤᠨ ᠦᠨᠳᠦᠰᠦᠲᠡᠨ ᠤ ᠵᠣᠷᠢᠭ ᠰᠠᠨᠠᠭ᠎ᠠ ᠶᠢ ᠮᠠᠭᠲᠠᠨ ᠳᠠᠭᠤᠯᠠᠪᠠ᠃ ︽ᠠᠭᠤᠯᠵᠠᠯᠲᠠ︾ ᠶᠢᠨ ᠡᠭᠦᠳᠦᠯᠲᠡ ᠨᠢ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠤᠨ ᠰᠢᠨ᠎ᠡ ᠡᠭᠦᠳᠦᠯᠲᠡ ᠶᠢᠨ ᠤᠯᠠᠮᠵᠢᠯᠠᠯ ᠪᠣᠯᠬᠤ ᠪᠠᠷ ᠪᠠᠷᠠᠬᠤ ᠦᠭᠡᠢ᠂ ᠨᠡᠩ ᠴᠤ ᠲᠠᠶᠢᠰᠠᠨ ᠤ ᠤᠷᠠᠯᠢᠭ ᠢᠶᠠᠷ ᠳᠠᠮᠵᠢᠨ ᠹᠧᠩᠵᠧᠨ ᠤ ᠦᠯᠢᠭᠡᠷ ᠢ ᠰᠠᠶᠢᠲᠤᠷ ᠶᠠᠷᠢᠵᠤ᠂ ᠤᠮᠠᠷᠠᠲᠤ ᠶᠢᠨ ᠰᠣᠶᠣᠯ ᠤᠨ ᠲᠡᠦᠬᠡ ᠠᠴᠠ ᠤᠳᠤ ᠦᠶ᠎ᠡ᠂ ᠨᠤᠲᠤᠭ ᠤᠰᠤ ᠠᠴᠠ ᠪᠦᠬᠦ ᠤᠯᠤᠰ ᠲᠤ ᠬᠦᠷᠬᠦ ᠶᠢ ᠠᠬᠢᠭᠤᠯᠬᠤ ᠪᠣᠯᠤᠨ᠎ᠠ᠃    ᠤᠯᠤᠰ ᠤᠨ ᠨᠢᠭᠡᠳᠦᠭᠡᠷ ᠳᠡᠰ ᠤᠨ ᠵᠦᠴᠦᠭᠡ ᠨᠠᠶᠢᠷᠠᠭᠤᠯᠤᠭᠴᠢ ᠯᠧᠩ ᠾᠧᠩ᠄ ︽ᠡᠨᠡᠬᠦ ᠵᠡᠭᠦᠨ ᠵᠠᠮ ᠤᠨ ᠬᠤᠶᠠᠷ ᠬᠦᠮᠦᠨ ᠤ ᠲᠠᠶᠢᠰᠠᠨ ᠤ ᠰᠢᠨ᠎ᠡ ᠪᠠᠷ ᠨᠠᠶᠢᠷᠠᠭᠤᠯᠤᠭᠰᠠᠨ ᠲᠡᠦᠬᠡᠨ ᠵᠦᠴᠦᠭᠡ〈ᠠᠭᠤᠯᠵᠠᠯᠲᠠ〉 ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ  ᠪᠤᠯᠭᠠᠨ᠂ ᠯᠦᠩ ᠱᠧᠩ ᠵᠤᠸᠠᠩ ᠤᠨ ᠲᠦᠮᠡᠨ ᠭᠠᠵᠠᠷ ᠤᠨ ᠴᠠᠢ ᠶᠢᠨ ᠵᠠᠮ ᠤᠨ ᠦᠯᠢᠭᠡᠷ ᠢ ᠶᠠᠷᠢᠵᠤ᠂ ᠹᠧᠩᠵᠧᠨ ᠤ ᠶᠧᠪᠡᠩ ᠤᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠨᠢ ᠡᠨᠡᠬᠦ ᠲᠡᠤᠬᠡᠨ ᠵᠦᠴᠦᠭᠡ ᠪᠠᠷ ᠳᠠᠮᠵᠢᠭᠤᠯᠤᠨ᠂ ᠹᠧᠩᠵᠧᠨ ᠤ ᠭᠦᠨ ᠵᠤᠵᠠᠭᠠᠨ ᠲᠡᠤᠬᠡ ᠰᠣᠶᠣᠯ᠂ ᠣᠷᠣᠨ ᠨᠤᠲᠤᠭ ᠤᠨ ᠵᠠᠩ ᠠᠭᠠᠯᠢ ᠶᠢ ᠭᠠᠳᠠᠭᠰᠢ ᠳᠡᠯᠭᠡᠨ ᠦᠵᠡᠭᠦᠯᠵᠦ᠂ ᠡᠨᠡᠬᠦ ᠰᠢᠨ᠎ᠡ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠢᠳᠡᠪᠬᠢᠲᠡᠶ ᠪᠠᠷ ᠡᠭᠦᠳᠦᠨ ᠪᠦᠳᠦᠭᠡᠬᠦ ᠶᠢᠨ ᠤᠯᠠᠮ ᠠᠴᠠ ᠤᠮᠠᠷᠠᠲᠤ ᠬᠢᠯᠢ ᠶᠢᠨ ᠰᠣᠶᠣᠯ ᠢ ᠨᠠᠩ ᠰᠠᠶᠢᠨ ᠪᠠᠳᠠᠷᠠᠭᠤᠯᠬᠤ ᠶᠢᠨ ᠲᠥᠯᠥᠭᠡ ᠶᠤᠮ︾ ᠭᠡᠪᠡ᠃    ᠹᠧᠩᠵᠧᠨ ᠬᠤᠲᠠ ᠪᠣᠯ ᠲᠤᠮᠳᠠᠳᠤ ᠣᠷᠣᠨ ᠤ ᠰᠣᠶᠣᠯ ᠤᠨ ᠤᠮᠠᠷᠠᠲᠤ ᠣᠷᠣᠨ ᠳᠤ ᠨᠡᠪᠲᠡᠷᠡᠬᠦ ᠴᠢᠬᠤᠯᠠ ᠵᠠᠮ  ᠪᠠᠶᠢᠵᠤ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠩ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠵᠡᠷᠭᠡ ᠤᠯᠠᠨ ᠵᠦᠢᠯ ᠤᠨ ᠰᠣᠶᠣᠯ ᠤᠨ ᠬᠡᠯᠪᠡᠷᠢ ᠶᠢ ᠠᠭᠤᠰᠤᠯᠴᠠᠭᠤᠯᠵᠤ᠂ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠹᠧᠩᠵᠧᠨ ᠤ ᠲᠡᠦᠬᠡᠨ ᠦᠯᠢᠭᠡᠷ ᠢ ᠬᠦᠦᠷᠨᠢᠬᠦ︾ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠵᠤ᠂ ᠹᠧᠩᠵᠧᠨ ᠬᠤᠳᠠ ᠶᠢᠨ ᠲᠡᠦᠬᠡ ᠶᠢᠨ ᠦᠯᠢᠭᠡᠷ ᠪᠣᠯᠤᠨ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ᠬᠥᠮᠦᠰ ᠲᠤ ᠲᠤᠰ ᠭᠠᠵᠠᠷ ᠤᠨ ᠲᠡᠦᠬᠡ ᠰᠣᠶᠣᠯ ᠢ ᠨᠡᠩ ᠭᠦᠨᠵᠡᠭᠡᠢ ᠤᠢᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠪᠠ᠃    ᠹᠧᠩᠵᠧᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠧᠨ ᠢᠦᠶ ᠲᠢᠩ᠄ ︽ᠹᠧᠩᠵᠧᠨ ᠬᠤᠳᠠ ᠶᠢᠨ ᠬᠢᠨ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠤᠮᠠᠷᠠᠲᠤ ᠬᠢᠯᠢ ᠶᠢᠨ ᠰᠣᠶᠣᠯ ᠤᠨ ᠤᠨᠤᠯ ᠢ ᠰᠤᠳᠤᠯᠤᠨ ᠲᠠᠶᠢᠯᠪᠤᠷᠢᠯᠠᠬᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠦᠢᠯᠡᠳᠪᠦᠷᠢᠯᠡᠯ ᠢ ᠴᠡᠴᠡᠭᠯᠡᠭᠦᠯᠬᠦ᠂ ᠳᠡᠯᠭᠡᠨ ᠦᠵᠡᠭᠦᠯᠵᠦ ᠤᠯᠠᠮᠵᠢᠯᠠᠬᠤ ᠶᠢ ᠴᠢᠩᠭᠠᠳᠬᠠᠬᠤ᠂ ᠰᠣᠶᠣᠯ ᠤᠨ ᠠᠭᠤᠰᠤᠯᠴᠠᠯ ᠢ ᠠᠬᠢᠭᠤᠯᠬᠤ ᠵᠡᠷᠭᠡ ᠭᠤᠣᠯ ᠡᠭᠦᠷᠭᠡ ᠶᠢᠨ ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ ᠬᠥᠮᠦᠰ ᠤᠨ ᠰᠡᠳᠬᠢᠯ ᠢ ᠰᠢᠩᠭᠡᠭᠡᠬᠦ᠂ ᠬᠦᠴᠦᠨ ᠴᠢᠳᠠᠯ ᠢ ᠨᠢᠭᠲᠠᠷᠠᠭᠤᠯᠬᠤ ᠴᠢᠬᠤᠯᠠ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠹᠧᠩᠵᠧᠨ ᠤ ᠬᠤᠪᠢ ᠨᠡᠮᠡᠷᠢ ᠦᠵᠡᠬᠦᠯᠦᠨ᠎ᠡ︾ ᠭᠡᠪᠡ᠃       ᠵᠣᠬᠢᠶᠠᠭᠴᠢ᠄ ᠵᠠᠩ ᠿᠢ ᠵᠢᠤᠸᠠᠨ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ  ᠵᠧᠤ ᠵᠢᠶᠦ᠋ᠨ ᠫᠢᠩ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3