—— ᠹᠧᠩᠵᠧᠨ ᠬᠤᠲᠠ ᠶᠢᠨ ᠶᠡᠷᠦᠩᠬᠡᠶᠢᠯᠡᠨ ᠵᠠᠰᠠᠬᠤ ᠲᠥᠪ᠄ ᠵᠥᠷᠢᠴᠡᠯ ᠵᠢᠭᠤᠷᠠᠯᠳᠤᠭᠠᠨ ᠢ ᠥᠨᠳᠥᠷ | ᠪᠦᠲᠦᠮᠵᠢᠲᠡᠶ ᠪᠠᠷ ᠠᠷᠢᠯᠭᠠᠬᠤ ︽ᠲᠡᠭᠦᠰᠬᠡᠯ ᠭᠠᠵᠠᠷ︾ ᠢ ᠪᠣᠶ ᠪᠣᠯᠭᠠᠵᠤ ᠦᠨᠳᠦᠰᠦᠨ ᠱᠠᠲᠤᠨ ᠤ ᠵᠠᠰᠠᠯᠲᠠ ᠶᠢᠨ | ᠰᠢᠨ᠎ᠡ ᠠᠮᠢ ᠠᠬᠤᠶ ᠶᠢ ᠪᠣᠶ ᠪᠣᠯᠭᠠᠨ᠎ᠠ | | ᠣᠶᠢᠷ᠎ᠠ ᠶᠢᠨ ᠵᠢᠯ ᠳᠤ᠂ ᠹᠧᠩᠵᠧᠨ ᠬᠤᠲᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠪᠠᠬᠢ ᠪᠤᠶ ᠪᠣᠯᠭᠠᠵᠤ᠂ ᠰᠢᠨ᠎ᠡ ᠴᠠᠭ ᠦᠶ᠎ᠡ ᠶᠢᠨ | ︽ᠹᠧᠩᠴᠢᠶᠤᠤ ᠶᠢᠨ ᠲᠤᠷᠰᠢᠯᠭ᠎ᠠ︾ ᠶᠢ ᠢᠳᠡᠪᠬᠢᠲᠡᠶ ᠦᠢᠯᠡᠳᠦᠯᠭᠡᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ | ᠵᠢᠷᠤᠮᠵᠢᠭᠰᠠᠨ ᠪᠠᠶᠢᠭᠤᠯᠤᠯᠲᠠ᠂ ᠪᠣᠳᠠᠲᠤ ᠴᠣᠭᠴᠠᠲᠤ ᠠᠵᠢᠯᠯᠠᠭᠠᠨ ᠢ ᠭᠦᠨᠵᠡᠭᠡᠶᠢᠷᠡᠭᠦᠯᠦᠨ ᠠᠬᠢᠭᠤᠯᠬᠤ ᠪᠠᠷ | ᠭᠠᠷᠳᠠᠴᠠ ᠪᠣᠯᠭᠠᠵᠤ᠂ ︽ᠨᠢᠭᠡ ᠥᠷᠲᠡᠭᠡᠨ ᠤ ᠮᠠᠶ᠋ᠢᠭ︾ ᠤᠨ ᠣᠯᠠᠨ ᠡᠰᠢᠲᠦ ᠵᠢᠭᠤᠷᠠᠯᠳᠤᠭᠠᠨ ᠢ ᠰᠢᠢᠳᠪᠦᠷᠢᠯᠡᠬᠦ | ᠲᠣᠭᠲᠠᠴᠠ ᠶᠢ ᠢᠳᠡᠪᠬᠢᠲᠡᠶ ᠰᠦᠪᠡᠭᠴᠢᠯᠡᠵᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ | ᠠᠷᠢᠯᠭᠠᠬᠤ ︽ᠲᠡᠭᠦᠰᠬᠡᠯ ᠭᠠᠵᠠᠷ︾ ᠢ ᠪᠣᠶ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠰᠠᠭᠤᠷᠢ ᠶᠢ ᠪᠥᠬᠦ ᠲᠠᠯ᠎ᠠ ᠪᠠᠷ ᠪᠠᠲᠤᠳᠬᠠᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ | ᠪᠠᠶᠢᠷᠢᠰᠢᠯ ᠢ ᠪᠣᠶ ᠪᠤᠯᠭᠠᠪᠠ᠃ ᠥᠩᠭᠡᠷᠡᠭᠰᠡᠨ 2024 ᠣᠨ ᠳᠤ ᠹᠧᠩᠵᠧᠨ ᠬᠤᠲᠠ ᠶᠢᠨ ᠬᠢᠨ ᠡᠯ᠎ᠡ ᠲᠦᠷᠦᠯ ᠤᠨ | ᠵᠥᠷᠢᠴᠡᠯ ᠵᠢᠭᠤᠷᠠᠯᠳᠤᠭᠠᠨ ᠢ 1520 ᠤᠳᠠᠭ᠎ᠠ ᠳᠠᠷᠠᠭᠠᠯᠠᠨ ᠪᠠᠶᠢᠴᠠᠭᠠᠵᠤ᠂ 1478 ᠤᠳᠠᠭ᠎ᠠ ᠶᠢ ᠠᠮᠵᠢᠯᠲᠠ ᠲᠠᠢ | ᠰᠢᠢᠳᠪᠦᠷᠢᠯᠡᠵᠦ᠂ ᠨᠠᠮᠳᠠᠭᠤᠯᠤᠭᠰᠠᠨ ᠨᠤᠷᠮ᠎ᠠ ᠨᠢ 97.2% ᠲᠤ ᠬᠦᠷᠴᠦ᠂ ᠬᠦᠴᠦᠷᠬᠡᠭ ᠶᠡᠭᠡ ᠨᠡᠶᠢᠭᠡᠮ ᠤᠨ | ᠵᠥᠷᠢᠴᠡᠯ ᠢ ᠨᠠᠮᠳᠠᠭᠤᠯᠤᠭᠰᠠᠨ ᠦᠷ᠎ᠡ ᠪᠦᠲᠦᠮᠵᠢ ᠶᠢ ᠢᠯᠡᠷᠡᠭᠦᠯᠪᠡ᠃ | | | | | 4 ᠰᠠᠷ᠎ᠠ ᠶᠢᠨ 3 ᠤ ᠡᠳᠦᠷ᠂ ᠰᠤᠷᠪᠤᠯᠵᠢᠯᠠᠭᠴᠢ ᠹᠧᠩᠵᠧᠨ ᠬᠤᠲᠠ ᠶᠢᠨ ᠰᠢᠨ᠎ᠡ ᠬᠤᠲᠠ ᠲᠣᠭᠤᠷᠢᠭ ᠤᠨ | ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠤᠨ ᠦᠢᠯᠡᠴᠢᠯᠡᠭᠡᠨ ᠤ ᠲᠢᠩᠬᠢᠮ ᠳᠤ ᠰᠤᠷᠪᠤᠯᠵᠢᠯᠠᠭᠠᠳ᠂ | ᠡᠯ᠎ᠡ ᠦᠢᠯᠡᠴᠢᠯᠡᠭᠡᠨ ᠤ ᠴᠣᠩᠬᠤᠨ ᠤ ᠲᠡᠮᠳᠡᠭ ᠢᠯᠡ ᠲᠣᠳᠣ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠲᠠᠢ | ᠪᠠᠶᠢᠬᠤ ᠶᠢ ᠣᠯᠵᠤ ᠬᠠᠷᠠᠪᠠ᠃ ᠤᠴᠢᠷ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠣᠯᠠᠨ ᠲᠦᠮᠡᠨ ᠠᠵᠢᠯᠲᠠᠨ ᠤ | ᠵᠢᠯᠣᠭᠤᠳᠣᠯᠭ᠎ᠠ ᠳᠣᠤᠷ᠎ᠠ᠂ ᠬᠠᠷᠠᠭᠠᠯᠵᠠᠭᠰᠠᠨ ᠴᠣᠩᠬᠤ ᠶᠢ ᠦᠳᠲᠡᠷ ᠲᠦᠷᠭᠡᠨ ᠡᠷᠢᠨ ᠣᠯᠵᠤ ᠬᠠᠮᠢᠶ᠎ᠠ ᠪᠥᠬᠦᠶ | ᠲᠤᠬᠠᠶᠢᠯᠠᠭᠰᠠᠨ ᠠᠵᠢᠯ ᠢ ᠬᠦᠢᠴᠡᠳᠭᠡᠨ᠎ᠡ᠃ ᠵᠢᠭᠤᠷᠠᠯᠳᠤᠭᠠᠨ ᠢ ᠰᠠᠶᠢᠬᠠᠨ ᠡᠶᠡᠳᠡᠭᠦᠯᠵᠦ ᠳᠠᠭᠤᠰᠬᠠᠭᠰᠠᠨ ᠨᠢᠭᠡᠨ | ᠠᠷᠠᠳ᠄ ︽ᠥᠩᠭᠡᠷᠡᠭᠰᠡᠨ ᠳᠤ ᠵᠢᠭᠤᠷᠠᠯᠳᠤᠭᠠᠨ ᠲᠣᠬᠢᠶᠠᠯᠳᠤᠪᠠᠯ᠂ ᠬᠡᠳᠦ ᠬᠡᠳᠦᠨ ᠰᠠᠯᠠᠭ᠎ᠠ ᠮᠥᠴᠢᠷ ᠲᠤ ᠣᠴᠢᠳᠠᠭ᠂ | ᠣᠳᠣ ᠶᠡᠷᠦᠩᠬᠡᠶᠢᠯᠡᠨ ᠵᠠᠰᠠᠬᠤ ᠲᠥᠪ ᠲᠤ ᠨᠢᠭᠡ ᠯᠡ ᠤᠳᠠᠭ᠎ᠠ ᠲᠡᠭᠡᠷ᠎ᠡ ᠠᠰᠠᠭᠤᠳᠠᠯ ᠢ ᠰᠢᠢᠳᠪᠦᠷᠢᠯᠡᠴᠢᠬᠡᠨ᠎ᠡ᠂ | ᠦᠨᠡᠬᠡᠷ ᠳᠥᠭᠦᠮ ᠪᠤᠯᠵᠠᠢ︾ ᠭᠡᠵᠦ ᠰᠡᠳᠬᠢᠯ ᠬᠥᠳᠡᠯᠦᠨ ᠶᠠᠷᠢᠨ᠎ᠠ᠃ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠶᠢ ᠦᠨᠡᠨᠬᠦ ᠠᠬᠢᠭᠤᠯᠬᠤ ᠶᠢᠨ ᠲᠥᠯᠥᠭᠡ᠂ | ᠹᠧᠩᠵᠧᠨ ᠬᠤᠲᠠ ᠶᠢᠨ ᠬᠢᠨ ᠲᠥᠪᠯᠡᠷᠡᠭᠦᠯᠦᠨ ᠠᠵᠢᠯᠯᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠨᠢᠭᠡᠳᠦᠯᠲᠡᠶ | ᠠᠵᠢᠯᠯᠠᠭᠤᠯᠬᠤ ᠵᠠᠷᠴᠢᠮ ᠶᠣᠰᠣᠭᠠᠷ᠂ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠬᠢᠭᠡᠳ ᠵᠠᠬᠢᠳᠠᠯ | ᠰᠤᠷᠪᠤᠯᠵᠢᠯᠠᠭ᠎ᠠ ᠶᠢᠨ ᠭᠥᠯᠢᠶᠡᠨ ᠠᠪᠬᠤ ᠲᠢᠩᠬᠢᠮ ᠢ ᠭᠦᠨᠵᠡᠭᠡᠶ ᠡᠮᠬᠢᠯᠡᠨ ᠨᠡᠶᠢᠯᠡᠭᠦᠯᠵᠦ᠂ 900 ᠲᠡᠭᠰᠢ | ᠳᠥᠷᠪᠡᠯᠵᠢᠨ ᠮᠧᠲᠷ ᠤᠨ ᠲᠠᠯᠠᠪᠠᠶ ᠪᠥᠬᠦᠶ ᠹᠧᠩᠵᠧᠨ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠢ ᠪᠠᠶᠢᠭᠤᠯᠪᠠ᠃ | ᠲᠤᠰ ᠲᠥᠪ ᠨᠢ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡ᠂ ᠵᠠᠷᠭᠤ ᠶᠢᠨ ᠦᠢᠯᠡᠴᠢᠯᠡᠭᠡ᠂ ᠪᠠᠶᠢᠴᠠᠭᠠᠬᠤ | ᠦᠢᠯᠡᠴᠢᠯᠡᠭᠡ ᠪᠠ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠣᠯᠠᠨ ᠵᠦᠢᠯ ᠤᠨ ᠴᠢᠳᠠᠮᠵᠢ ᠶᠢ ᠠᠭᠤᠰᠬᠠᠨ | ᠨᠡᠶᠢᠯᠡᠭᠦᠯᠵᠦ᠂ ︽ᠭᠤᠷᠪᠠᠨ ᠲᠣᠭᠤᠷᠢᠭ ᠳᠣᠯᠣᠭᠠᠨ ᠲᠠᠰᠤᠭ︾ ᠬᠤᠪᠢᠶᠠᠵᠤ᠂ ᠲᠤᠬᠠᠶᠢᠯᠠᠪᠠᠯ᠄ ᠣᠯᠠᠨ ᠲᠦᠮᠡᠨ ᠤ | ᠰᠤᠷᠪᠤᠯᠵᠢᠯᠠᠭ᠎ᠠ ᠶᠢ ᠬᠦᠯᠢᠶᠡᠨ ᠠᠪᠬᠤ ᠲᠣᠭᠤᠷᠢᠭ᠂ ᠶᠡᠷᠦᠩᠬᠡᠶᠢᠯᠡᠨ ᠬᠦᠯᠢᠶᠡᠨ ᠠᠪᠬᠤ ᠲᠣᠭᠤᠷᠢᠭ᠂ ᠰᠤᠳᠤᠯᠤᠨ | ᠮᠠᠭᠠᠳᠯᠠᠵᠤ ᠡᠶᠡᠳᠡᠭᠦᠯᠦᠨ ᠰᠢᠢᠳᠪᠦᠷᠢᠯᠡᠬᠦ ᠲᠣᠭᠤᠷᠢᠭ ᠵᠢᠴᠢ ᠶᠡᠷᠦᠩᠬᠡᠶᠢᠯᠡᠭᠰᠡᠨ ᠠᠯᠪᠠᠨ ᠭᠡᠷ᠂ ᠣᠯᠠᠨ ᠲᠦᠮᠡᠨ ᠤ | ᠬᠦᠯᠢᠶᠡᠨ ᠠᠪᠬᠤ ᠲᠠᠰᠤᠭ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠠᠰᠤᠭ᠂ ᠰᠡᠳᠬᠢᠴᠡ ᠶᠢᠨ ᠯᠠᠪᠯᠠᠯᠲᠠ ᠶᠢᠨ | ᠲᠠᠰᠤᠭ᠂ ᠬᠠᠤᠯᠢ ᠴᠠᠭᠠᠵᠠ ᠶᠢᠨ ᠯᠠᠪᠯᠠᠯᠲᠠ ᠶᠢᠨ ᠲᠠᠰᠤᠭ᠂ ᠬᠠᠷᠠᠭᠠᠨ ᠳᠠᠪᠲᠠᠮᠵᠢ ᠶᠢᠨ ᠬᠤᠷᠠᠯ ᠤᠨ ᠭᠡᠷ᠂ ᠲᠤᠭ᠎ᠠ | ᠪᠠᠷᠢᠮᠲᠠ ᠶᠢ ᠲᠣᠬᠢᠷᠠᠭᠤᠯᠤᠨ ᠵᠠᠳᠠᠯᠵᠤ ᠰᠤᠳᠤᠯᠤᠨ ᠮᠠᠭᠠᠳᠯᠠᠬᠤ ᠲᠠᠰᠤᠭ ᠪᠣᠯᠤᠨ᠎ᠠ᠃ ᠵᠦᠶ ᠵᠣᠬᠢᠰᠲᠠᠶ | ᠪᠠᠶᠢᠷᠢᠰᠢᠭᠤᠯᠬᠤ ᠪᠠᠷ ᠳᠠᠮᠵᠢᠭᠤᠯᠤᠨ᠂ ︽ᠨᠢᠭᠡ ᠴᠤᠭᠴᠠᠵᠢᠭᠤᠯᠤᠨ ᠠᠵᠢᠯᠯᠠᠭᠤᠯᠬᠤ᠂ ᠨᠢᠭᠡ ᠯᠡ ᠥᠷᠲᠡᠭᠡᠨ ᠤ | ᠮᠠᠶ᠋ᠢᠭ ᠢᠶᠠᠷ ᠭᠥᠯᠢᠶᠡᠨ ᠠᠪᠬᠤ᠂ ᠬᠡᠯᠬᠢᠶ᠎ᠡ ᠦᠢᠯᠡᠴᠢᠯᠡᠭᠡ ᠬᠠᠩᠭᠠᠬᠤ᠂ ᠪᠦᠬᠦᠨ ᠢ ᠵᠣᠬᠢᠴᠠᠭᠤᠯᠤᠨ ᠰᠢᠢᠳᠪᠦᠷᠢᠯᠡᠬᠦ︾ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠠᠭᠪᠤᠷ ᠢ ᠪᠣᠶ ᠪᠣᠯᠭᠠᠵᠤ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠠᠬᠢ ᠰᠢᠰᠲ᠋ᠧᠮ ᠤᠨ ᠬᠡᠰᠡᠭ ᠰᠠᠯᠤᠩᠭᠢᠷᠠᠭᠰᠠᠨ ᠬᠦᠴᠢᠷ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠪᠡ᠃ ᠠᠳᠡ 13 ᠠᠵᠢᠯ ᠲᠥᠷᠥᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ | ᠲᠣᠬᠢᠷᠠᠭᠤᠯᠤᠯᠲᠠ ᠶᠢᠨ ᠺᠣᠮᠢᠰ ᠬᠠᠮᠵᠢᠯᠴᠠᠨ ᠠᠵᠢᠯᠯᠠᠵᠤ᠂ ᠨᠢᠬᠡ ᠰᠡᠳᠬᠢᠴᠡ ᠶᠢᠨ ᠵᠥᠪᠯᠡᠯᠭᠡ ᠥᠭᠭᠦᠭᠴᠢ ᠪᠠ 10 | ᠲᠦᠷᠦᠭᠦᠦ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠶ ᠮᠡᠷᠭᠡᠵᠢᠯᠲᠡᠨ ᠡᠭᠡᠯᠵᠢᠯᠡᠨ ᠵᠢᠵᠢᠭᠦᠷᠯᠡᠵᠦ᠂ ᠤᠯᠠᠨ | ᠲᠦᠮᠡᠨ ᠳᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ᠂ ᠬᠠᠤᠯᠢ | ᠴᠠᠭᠠᠵᠠ ᠶᠢᠨ ᠲᠤᠰᠠᠯᠠᠮᠵᠢ ᠦᠵᠡᠭᠦᠯᠬᠦ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ᠂ ᠪᠠᠶᠢᠴᠠᠭᠠᠬᠤ ᠦᠢᠯᠡᠴᠢᠯᠡᠭᠡ᠂ | ᠵᠠᠷᠭᠤ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠨᠤᠲᠠᠯᠠᠯᠲᠠ᠂ ᠬᠥᠳᠡᠯᠮᠦᠷᠢ ᠶᠢᠨ ᠬᠥᠨᠳᠡᠯᠡᠨ ᠤ ᠲᠠᠰᠤᠯᠤᠯᠳᠠ᠂ | ᠰᠡᠳᠬᠢᠴᠡ ᠶᠢᠨ ᠦᠢᠯᠡᠴᠢᠯᠡᠭᠡ ᠵᠡᠷᠭᠡ ︽ᠬᠠᠮ ᠮᠠᠶ᠋ᠢᠭ ᠤᠨ ᠢᠵᠢ ᠦᠢᠯᠡᠴᠢᠯᠡᠭᠡ︾ ᠶᠢ ᠬᠠᠩᠭᠠᠵᠤ᠂ ᠤᠯᠠᠨ | ᠲᠦᠮᠡᠨ ᠢ ︽ᠨᠢᠭᠡ ᠯᠡ ᠡᠭᠦᠳᠡ ᠪᠠᠷ ᠣᠷᠣᠭᠤᠯᠵᠤ᠂ ᠨᠢᠭᠡ ᠯᠡ ᠭᠠᠵᠠᠷ ᠢᠶᠠᠷ ᠭᠦᠶᠦᠯᠭᠡᠬᠦ︾ ᠶᠢ ᠦᠨᠡᠨᠬᠦ | ᠪᠡᠶᠡᠯᠡᠭᠦᠯᠵᠦ᠂ ᠤᠯᠠᠨ ᠲᠦᠮᠡᠨ ᠤ ᠠᠰᠠᠭᠤᠳᠠᠯ ᠭᠤᠮᠣᠳᠠᠯ ᠱᠠᠭᠠᠷᠳᠠᠯᠭ᠎ᠠ ᠪᠠᠨ ᠲᠤᠰᠬᠠᠬᠤ ᠳᠤ ︽ᠤᠯᠠᠨ | ᠲᠠᠯ᠎ᠠ ᠠᠴᠠ ᠭᠦᠶᠦᠬᠦ᠂ ᠲᠠᠬᠢᠨ ᠳᠠᠪᠲᠠᠨ ᠭᠦᠶᠦᠯᠭᠡᠬᠦ︾ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | | | | | | ︽ᠲᠤᠬᠠᠶ ᠶᠢᠨ ᠦᠶ᠎ᠡ ᠳᠤ᠂ ᠦᠨᠳᠦᠷ ᠬᠤᠷᠳᠤᠴᠠᠲᠤ ᠲᠡᠮᠦᠷ ᠵᠠᠮ ᠵᠠᠰᠠᠬᠤ ᠳᠤ ᠮᠠᠨ ᠤ ᠬᠡᠰᠡᠭ ᠭᠠᠵᠠᠷ ᠢ | ᠡᠵᠡᠯᠡᠵᠦ᠂ ᠲᠣᠰᠬᠤᠨ ᠤ ᠵᠢᠷᠭᠤᠭᠠᠨ ᠡᠷᠦᠬᠡ ᠦᠨᠡᠮᠯᠡᠯ ᠲᠠᠢ᠂ ᠪᠠᠰᠠ ᠵᠠᠷᠢᠮ ᠦᠨᠡᠮᠯᠡᠯ ᠦᠭᠡᠢ ᠬᠥᠮᠦᠰ ᠪᠠᠶᠢᠵᠤ᠂ | ᠪᠦᠷ ᠵᠣᠭᠤᠰ ᠬᠤᠪᠢᠳᠠᠨ ᠤᠯᠬᠤ ᠰᠠᠨᠠᠭᠠᠠᠳᠢ ᠪᠠᠶᠢᠪᠠ᠃ ᠰᠡᠭᠦᠯᠡᠷ ᠨᠢ ᠪᠢ ᠡᠪᠡᠳᠴᠢᠯᠡᠭᠡᠳ ᠵᠤᠭᠤᠰ ᠤᠨ ᠵᠠᠷᠤᠳᠠᠯ | ᠲᠠᠢ ᠪᠤᠯᠵᠤ᠂ ᠡᠨᠡ ᠵᠣᠭᠤᠰ ᠢ ᠤᠯᠬᠤ ᠳᠤ ᠲᠦᠢᠯ ᠢᠶᠠᠷ ᠬᠦᠴᠢᠷᠳᠡᠨ᠂ ᠠᠷᠭ᠎ᠠ ᠮᠡᠭᠦᠰᠳᠡᠬᠦ ᠳᠤ ᠪᠠᠨ ᠶᠡᠷᠦᠩᠬᠡᠶᠢᠯᠡᠨ | ᠵᠠᠰᠠᠬᠤ ᠲᠥᠪ ᠤᠨ ᠬᠢᠨ ᠢ ᠡᠷᠢᠵᠦ ᠤᠴᠢᠨ᠂ ᠠᠨ ᠱᠦᠵᠢ ᠪᠤᠯᠤᠨ ᠪᠠᠶ ᠮᠢᠩ ᠲᠠᠢ ᠰᠥᠨᠢ ᠪᠠᠷ ᠰᠢᠢᠳᠪᠦᠷᠢᠯᠡᠵᠦ | ᠦᠭᠪᠡ᠃ ᠠᠨ ᠱᠦᠵᠢ ᠮᠢᠨᠦ ᠡᠪᠡᠳᠴᠢᠨ ᠦᠵᠡᠬᠦᠯᠬᠦ ᠶᠢ ᠰᠠᠭᠠᠲᠠᠭᠠᠬᠤ ᠦᠬᠡᠢ ᠶᠢᠨ ᠲᠦᠯᠦᠬᠡ ᠬᠤᠪᠢ ᠶᠢᠨ | ᠵᠤᠭᠤᠰ ᠢᠶᠠᠨ ᠨᠠᠳᠠ ᠳᠤ 8000 ᠲᠥᠭᠦᠷᠢᠭ ᠣᠷᠣᠯᠠᠨ ᠦᠭᠭᠦᠭᠡᠳ ᠪᠢ ᠰᠠᠶ᠋ᠢ ᠡᠮᠨᠡᠯᠭᠡ ᠳᠤ ᠡᠪᠡᠳᠴᠢᠨ ᠢᠶᠠᠨ | ᠦᠵᠡᠭᠦᠯᠬᠦ ᠪᠠᠷ ᠤᠴᠢᠵᠠᠢ᠃ ᠡᠮᠨᠡᠯᠭᠡ ᠠᠴᠠ ᠭᠠᠷᠤᠭᠠᠳ ᠰᠠᠶ᠋ᠢ ᠡᠳᠡᠭᠡᠷ ᠶᠠᠪᠤᠳᠠᠯ ᠢ ᠪᠦᠷ ᠮᠠᠰᠢ ᠲᠣᠬᠢᠷᠠᠮᠵᠢᠲᠠᠶ | ᠰᠢᠢᠳᠪᠦᠷᠢᠯᠡᠭᠰᠡᠨ ᠪᠠ ᠲᠣᠰᠬᠤᠨ ᠤ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠶᠢ ᠮᠡᠳᠡᠪᠡ︾ ᠭᠡᠵᠦ | ᠹᠧᠩᠵᠧᠨ ᠬᠤᠲᠠ ᠶᠢᠨ ᠬᠤᠩ ᠱᠠ ᠪᠠ ᠪᠠᠯᠭᠠᠰᠤᠨ ᠤ ᠮᠥ ᠵᠢᠶᠠᠩ ᠭᠸᠦ ᠲᠣᠰᠬᠤᠨ ᠤ ᠸᠠᠩ ᠡᠯ ᠳ᠋ᠠᠨ ᠶᠠᠷᠢᠨ᠎ᠠ᠃ | ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤᠮᠳᠠᠬᠢ ᠨᠡᠶᠢᠭᠡᠮ ᠤᠨ ᠬᠦᠴᠦᠨ ᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ ᠹᠧᠩᠵᠧᠨ ᠬᠤᠲᠠ ᠶᠢᠨ ᠬᠢᠨ 110 ᠲᠣᠰᠬᠤᠨ ︵ᠨᠡᠶᠢᠭᠡᠮ ᠲᠣᠭᠤᠷᠢᠭ︶ ᠳᠤ | ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠶᠡᠷᠦᠩᠬᠡᠶᠢᠯᠡᠨ ᠵᠠᠰᠠᠬᠤ ᠲᠠᠰᠤᠭ ᠭᠠᠷᠭᠠᠵᠤ᠂ ᠨᠢᠭᠡ | ᠲᠣᠰᠬᠤᠨ ᠳᠤ ᠨᠢᠭᠡ ᠬᠠᠤᠯᠢ ᠴᠠᠭᠠᠵᠠ ᠶᠢᠨ ᠵᠥᠪᠯᠡᠭᠴᠢ᠂ ᠨᠢᠭᠡ ᠲᠣᠰᠬᠤᠨ ᠳᠤ ᠨᠢᠭᠡ ᠲᠤᠰᠠᠯᠠᠬᠤ ᠴᠠᠭᠳᠠᠭ᠎ᠠ᠂ | ᠬᠠᠤᠯᠢ ᠶᠢᠨ ᠲᠤᠰᠢᠶᠠᠯᠲᠠᠨ ᠤ ᠬᠠᠷᠢᠯᠴᠠᠬᠤ ᠴᠡᠭ ᠤᠨ ᠪᠠᠶᠢᠭᠤᠯᠤᠯᠲᠠ ᠶᠢ ᠶᠡᠬᠡᠪᠡᠷ ᠳᠥᠯᠭᠢᠨ ᠠᠬᠢᠭᠤᠯᠵᠤ᠂ ᠨᠠᠮ ᠤᠨ | ᠭᠡᠰᠢᠭᠦᠨ᠂ ᠨᠤᠲᠤᠭ ᠤᠨ ᠮᠡᠷᠭᠡᠳ᠂ ᠰᠦᠯᠵᠢᠶᠡᠨ ᠤ ᠠᠵᠢᠯᠲᠠᠨ᠂ ᠠᠮᠤᠷ ᠠᠮᠤᠭᠤᠯᠠᠩ ᠰᠠᠶᠢᠨ ᠳᠤᠷ᠎ᠠ ᠶᠢᠨ | ᠠᠵᠢᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠴᠠᠭᠠᠵᠠ ᠶᠢᠨ ᠦᠢᠯᠡᠴᠢᠯᠡᠭᠡ᠂ ᠵᠥᠷᠢᠴᠡᠯ ᠢ | ᠵᠢᠭᠰᠠᠭᠠᠨ ᠪᠠᠶᠢᠴᠠᠭᠠᠬᠤ᠂ ᠵᠢᠭᠤᠷᠠᠯᠳᠤᠭᠠᠨ ᠢ ᠠᠷᠢᠯᠭᠠᠬᠤ ᠵᠡᠷᠭᠡ ᠡᠬᠢ ᠡᠭᠦᠰᠦᠯ ᠠᠴᠠ ᠨᠢ ᠵᠠᠰᠠᠬᠤ ᠠᠵᠢᠯ ᠢ | ᠪᠣᠳᠠᠲᠠᠶᠢᠵᠢᠭᠤᠯᠵᠤ᠂ ᠡᠶᠡᠳᠡᠭᠦᠯᠦᠨ ᠰᠢᠢᠳᠪᠦᠷᠢᠯᠡᠬᠦ ᠪᠠ ᠠᠷᠢᠯᠭᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ | ᠪᠠᠲᠤ ᠴᠣᠭᠴᠠᠯᠠᠪᠠ᠃ | | | | | | ᠤᠢᠢᠷ᠎ᠠ ᠶᠢᠨ ᠵᠢᠯ ᠳᠤ᠂ ᠬᠤᠩ ᠱᠠ ᠪᠠ ᠪᠠᠯᠭᠠᠰᠤ ᠶᠢᠨ ᠬᠢᠨ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ | ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠡᠷᠡᠭ ᠠᠴᠠ ᠡᠮᠦᠨ᠎ᠡ ᠳᠠᠷᠠᠭᠠᠯᠠᠨ ᠪᠠᠶᠢᠴᠠᠭᠠᠬᠤ᠂ ᠱᠠᠳᠤ ᠬᠤᠪᠢᠶᠠᠨ | ᠰᠢᠢᠳᠪᠦᠷᠢᠯᠡᠬᠦ᠂ ᠰᠠᠯᠠᠭ᠎ᠠ ᠮᠥᠴᠢᠷ ᠬᠤᠯᠪᠣᠭᠠᠯᠠᠨ ᠡᠶᠡᠳᠡᠭᠦᠯᠬᠦ᠂ ᠬᠡᠷᠡᠭ ᠢ ᠳᠠᠭᠠᠭᠠᠨ ᠡᠶᠡᠳᠡᠭᠦᠯᠬᠦ᠂ ᠮᠥᠷᠳᠡᠨ | ᠱᠠᠯᠠᠪᠳᠠᠭᠤᠯᠤᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠵᠥᠷᠢᠴᠡᠯ ᠵᠠᠭᠤᠷᠠᠯᠳᠤᠭᠠᠨ ᠢ ᠬᠡᠷᠡᠭ ᠤᠨ ᠳᠠᠷᠠᠭ᠎ᠠ | ᠰᠢᠢᠳᠪᠦᠷᠢᠯᠡᠵᠦ ᠪᠠᠶᠢᠭᠰᠠᠨ ᠠᠴᠠ ᠬᠡᠷᠡᠭ ᠤᠨ ᠡᠮᠦᠨ᠎ᠡ ᠡᠶᠡᠳᠡᠭᠦᠯᠬᠦ ᠲᠡᠰᠢ ᠬᠤᠪᠢᠷᠠᠭᠤᠯᠬᠤ ᠶᠢ ᠪᠦᠲᠦᠮᠵᠢᠲᠡᠢ | ᠠᠬᠢᠭᠤᠯᠵᠤ᠂ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠵᠦ᠂ ︽ᠪᠠᠭ᠎ᠠ ᠶᠠᠪᠤᠳᠠᠯ ᠢ | ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ | ᠲᠤᠰᠢᠶᠠᠬᠤ ᠦᠭᠡᠢ︾ ᠰᠠᠶᠢᠨ ᠰᠠᠶᠢᠬᠠᠨ ᠪᠠᠶᠢᠳᠠᠯ ᠢ ᠪᠦᠷᠢᠯᠳᠦᠬᠦᠯᠪᠡ᠃ 2025 ᠣᠨ ᠠᠴᠠ ᠨᠠᠰᠢ᠂ | ᠶᠡᠷᠦᠩᠬᠡᠶᠢᠯᠡᠨ ᠵᠠᠰᠠᠬᠤ ᠲᠥᠪ ᠤᠨ ᠬᠢᠨ ᠵᠠᠬᠢᠳᠠᠯ ᠰᠤᠷᠪᠤᠯᠵᠢᠯᠠᠭ᠎ᠠ ᠶᠢᠨ ᠤᠯᠠᠨ ᠲᠦᠮᠡᠨ ᠢ 50 ᠪᠦᠯᠦᠭ ᠤᠳᠠᠭ᠎ᠠ | ᠬᠦᠯᠢᠶᠡᠨ ᠠᠪᠴᠤ᠂ ᠵᠥᠷᠢᠴᠡᠯ ᠤᠨ ᠭᠡᠮ ᠰᠣᠭᠤᠭ ᠢ 30 ᠤᠳᠠᠭ᠎ᠠ ᠰᠤᠷᠪᠤᠯᠵᠢᠯᠠᠨ ᠪᠠᠶᠢᠴᠠᠭᠠᠵᠤ᠂ ᠲᠣᠰᠬᠤᠨ ᠤ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠢᠨ 25 ᠤᠳᠠᠭ᠎ᠠ ᠶᠢ ᠰᠢᠢᠳᠪᠦᠷᠢᠯᠡᠵᠦ᠂ ᠰᠠᠯᠠᠭ᠎ᠠ ᠮᠥᠴᠢᠷ ᠤᠨ ᠬᠢᠨ | ᠬᠠᠮᠵᠢᠯᠴᠠᠨ ᠬᠠᠮᠲᠤᠷᠠᠨ ᠰᠢᠯᠵᠢᠭᠦᠯᠦᠭᠰᠡᠨ 46 ᠤᠳᠠᠭ᠎ᠠ ᠶᠢ ᠰᠢᠢᠳᠪᠦᠷᠢᠯᠡᠵᠦ᠂ 7 ᠬᠡᠷᠡᠭ ᠢ ᠳᠠᠭᠠᠭᠠᠴᠢᠯᠠᠭᠰᠠᠨ | ᠤᠳᠤᠷᠢᠳᠤᠯᠭ᠎ᠠ ᠡᠷᠬᠢᠯᠡᠨ ᠡᠶᠡᠳᠡᠭᠦᠯᠦᠭᠰᠡᠨ ᠦᠭᠡᠢ ᠪᠠᠷ 2 ᠤᠳᠠᠭ᠎ᠠ ᠶᠢ ᠬᠠᠤᠯᠢ ᠴᠠᠭᠠᠵᠠ ᠶᠢᠨ ᠵᠢᠷᠤᠮ ᠳᠤ | ᠣᠷᠣᠭᠤᠯᠵᠤ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 97%᠂ ᠤᠯᠠᠨ ᠲᠦᠮᠡᠨ ᠤ ᠰᠡᠳᠬᠢᠯ ᠬᠠᠨᠤᠮᠵᠢᠲᠠᠢ | ᠪᠠᠶᠢᠬᠤ ᠨᠤᠷᠮ᠎ᠠ 100%᠂ 12345 ᠬᠠᠯᠠᠮᠰᠢᠯ ᠤᠲᠠᠰᠤᠨ ᠤ ᠠᠵᠢᠯ ᠤᠨ ᠦᠷᠲᠡᠭᠡ ᠶᠢᠨ ᠬᠦᠯᠢᠶᠡᠨ ᠠᠪᠤᠭᠰᠠᠨ | ᠪᠠᠶᠢᠭᠠᠯᠢ ᠲᠧᠭᠨᠢᠭ ᠤᠨ ᠬᠠᠭᠤᠳᠠᠰᠤ 158 ᠬᠤᠪᠢ ᠪᠠᠶᠢᠵᠤ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 98%᠂ | ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠨᠤᠷᠮ᠎ᠠ 100% ᠳᠤ ᠬᠦᠷᠴᠦ᠂ ᠤᠯᠠᠨ ᠲᠦᠮᠡᠨ ᠤ | ᠶᠡᠷᠦᠩᠬᠡᠶᠢᠯᠡᠨ ᠵᠠᠰᠠᠬᠤ ᠲᠥᠪ ᠤᠨ ᠲᠤᠬᠠᠢ ᠮᠡᠳᠡᠷᠡᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ︾ ᠭᠡᠵᠦ ᠹᠧᠩᠵᠧᠨ | ᠬᠤᠳᠠ ᠶᠢᠨ ᠬᠤᠩ ᠱᠠ ᠪᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠰᠦᠩ ᠬᠠᠢ ᠮᠢᠩ | ᠰᠤᠷᠪᠤᠯᠵᠢᠯᠠᠭᠴᠢ ᠳᠤ ᠶᠠᠷᠢᠨ᠎ᠠ᠃ | ᠣᠷᠣᠨ ᠪᠦᠰᠡ ᠠᠯᠤᠰᠯᠠᠭᠰᠠᠨ᠂ ᠤᠯᠠᠨ ᠳᠤ ᠬᠤᠯᠪᠣᠭᠳᠠᠭᠰᠠᠨ ᠬᠡᠯᠪᠡᠷᠢ ᠵᠡᠷᠭᠡ ᠬᠦᠨᠳᠦ ᠶᠡᠭᠡ ᠠᠶᠤᠯ | ᠲᠦᠭᠰᠢᠭᠦᠷᠢ ᠶᠢᠨ ᠬᠡᠮ ᠰᠣᠭᠤᠭ ᠤᠨ ᠵᠥᠷᠢᠴᠡᠯ ᠵᠢᠭᠤᠷᠠᠯᠳᠤᠭᠠᠨ ᠳᠤ ᠴᠢᠭᠯᠡᠭᠦᠯᠦᠨ᠂ ᠹᠧᠩᠵᠧᠨ ᠬᠤᠳᠠ ᠶᠢᠨ ᠬᠢᠨ | ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠠᠷᠢᠯᠭᠠᠬᠤ ᠠᠵᠢᠯ ᠤᠨ ᠬᠠᠮᠲᠤᠷᠠᠭᠰᠠᠨ ᠬᠤᠷᠠᠯ ᠤᠨ | ᠲᠦᠷᠢᠮ ᠢ ᠪᠠᠶᠢᠭᠤᠯᠵᠤ᠂ ᠬᠤᠳᠠ ᠶᠢᠨ ᠱᠠᠲᠤᠨ ᠤ ᠤᠳᠤᠷᠢᠳᠤᠯᠭ᠎ᠠ ᠬᠡᠷᠡᠭ ᠢ ᠳᠠᠭᠠᠭᠠᠴᠢᠯᠠᠵᠤ᠂ ᠲᠤᠰᠬᠠᠢ | ᠰᠡᠳᠦᠪ ᠢᠶᠠᠷ ᠰᠤᠳᠤᠯᠵᠤ᠂ ᠫᠠᠶᠢᠰᠠ ᠡᠯᠭᠦᠨ ᠱᠠᠯᠠᠪᠳᠠᠭᠤᠯᠤᠨ ᠭᠦᠢᠴᠡᠳᠬᠡᠭᠦᠯᠵᠦ᠂ ᠨᠢᠭᠡ ᠠᠰᠠᠭᠤᠳᠠᠯ᠂ ᠨᠢᠭᠡ | ᠤᠳᠤᠷᠢᠳᠤᠯᠭ᠎ᠠ᠂ ᠨᠢᠭᠡ ᠶᠢ ᠡᠴᠦᠰ ᠲᠤᠨᠢ ᠲᠤᠯᠲᠠᠯ᠎ᠠ ᠳᠠᠭᠠᠭᠠᠴᠢᠯᠠᠬᠤ ᠶᠢ ᠪᠡᠶᠡᠯᠡᠬᠦᠯᠬᠦ ᠶᠢᠨ ᠬᠠᠮᠲᠤ᠂ ᠬᠤᠲᠠ ᠶᠢᠨ | ᠱᠠᠲᠤᠨ ᠤ ᠤᠳᠤᠷᠢᠳᠬᠤ ᠺᠠᠳ᠋ᠷ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠳᠦᠷᠢᠮ ᠢ | ᠢᠳᠡᠪᠬᠢᠲᠡᠶ ᠬᠡᠷᠡᠭᠯᠡᠨ᠂ ᠣᠯᠠᠨ ᠰᠠᠯᠠᠭ᠎ᠠ ᠮᠥᠴᠢᠷ ᠤᠨ ᠬᠢᠨ ᠲᠠᠢ ᠬᠤᠯᠪᠣᠭᠠᠯᠠᠨ ᠪᠦᠯᠬᠦᠮ ᠪᠠᠶᠢᠭᠤᠯᠤᠨ ᠬᠡᠷᠡᠭ ᠢ | ᠳᠠᠭᠠᠭᠤᠯᠤᠨ ᠳᠣᠷᠣᠭᠰᠢ ᠪᠠᠭᠤᠵᠤ ᠰᠤᠷᠪᠤᠯᠵᠢᠯᠠᠬᠤ᠂ ᠭᠡᠷ ᠲᠤᠨᠢ ᠬᠦᠷᠴᠦ ᠰᠤᠷᠪᠤᠯᠵᠢᠯᠠᠬᠤ᠂ ᠵᠠᠬᠢᠳᠠᠯ | ᠰᠤᠷᠪᠤᠯᠵᠢᠯᠠᠭ᠎ᠠ ᠬᠢᠬᠦ ᠣᠯᠠᠨ ᠲᠦᠮᠡᠨ ᠤ ᠪᠣᠯᠵᠣᠨ ᠰᠤᠷᠪᠤᠯᠵᠢᠯᠠᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ | ᠠᠪᠴᠤ᠂ ᠲᠤᠬᠠᠶ ᠶᠢᠨ ᠲᠠᠯᠠᠪᠤᠷ ᠲᠤ ᠠᠯᠪᠠᠯᠠᠨ ᠠᠰᠠᠭᠤᠳᠠᠯ ᠢ ᠰᠢᠢᠳᠪᠦᠷᠢᠯᠡᠪᠡ᠃ ᠡᠭᠦᠨ ᠠᠴᠠ ᠭᠠᠳᠠᠨ᠎ᠠ᠂ | ᠹᠧᠩᠵᠧᠨ ᠬᠤᠳᠠ ᠶᠢᠨ ᠬᠢᠨ ᠲᠥᠯᠥᠭᠡᠯᠡᠭᠴᠢ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠵᠢᠭᠰᠠᠭᠠᠯ ᠤᠨ | ᠭᠠᠵᠠᠷ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠬᠤᠳᠠ᠂ ᠰᠢᠶᠠᠩ᠂ ᠲᠣᠰᠬᠤᠨ ᠭᠤᠷᠪᠠᠨ ᠱᠠᠲᠤᠨ ᠤ ︽ᠬᠤᠶᠠᠷ | ᠲᠥᠯᠥᠭᠡᠯᠡᠭᠴᠢ ᠨᠢᠭᠡ ᠭᠡᠰᠢᠭᠦᠨ︾ ᠤ ᠭᠡᠷ ᠤᠨ ᠬᠠᠷᠢᠯᠴᠠᠬᠤ ᠠᠯᠪᠠᠨ ᠭᠡᠷ᠂ ᠦᠷᠦᠭᠡ᠂ ᠦᠷᠳᠡᠭᠡ ᠶᠢ ᠪᠠᠶᠢᠭᠤᠯᠵᠤ᠂ | ᠭᠠᠷᠠᠭ ᠤᠨ ︽ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ︾᠂ ᠰᠠᠷ᠎ᠠ ᠶᠢᠨ ︽ᠰᠤᠷᠪᠤᠯᠵᠢᠯᠠᠨ ᠪᠠᠶᠢᠴᠠᠭᠠᠨ | ᠰᠤᠳᠤᠯᠬᠤ︾᠂ ᠤᠯᠠᠷᠢᠯ ᠤᠨ ︽ᠶᠠᠷᠢᠯᠴᠠᠨ ᠰᠣᠯᠢᠯᠴᠠᠬᠤ︾ ᠵᠡᠷᠭᠡ ᠬᠡᠯᠪᠡᠷᠢ ᠪᠠᠷ ᠳᠠᠮᠵᠢᠭᠤᠯᠵᠤ᠂ ᠤᠯᠠᠨ | ᠲᠦᠮᠡᠨ ᠤ ᠠᠰᠠᠭᠤᠳᠠᠯ ᠢ ᠴᠤᠭᠯᠠᠭᠤᠯᠬᠤ ᠪᠦᠷᠬᠦᠴᠡ ᠶᠢ ᠥᠷᠭᠡᠳᠬᠡᠵᠦ᠂ ᠤᠯᠠᠨ ᠲᠦᠮᠡᠨ ᠤ ᠠᠰᠠᠭᠤᠳᠠᠯ ᠢ ᠥᠨᠳᠥᠷ | ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠪᠠ᠃ | ᠠᠵᠢᠯᠯᠠᠵᠤ ᠡᠬᠢᠯᠡᠭᠰᠡᠨ ᠠᠴᠠ ᠨᠠᠰᠢ᠂ ᠹᠧᠩᠵᠧᠨ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ ᠬᠢᠨ | ᠢᠯᠡᠳᠲᠡ ᠦᠷ᠎ᠡ ᠪᠦᠲᠦᠮᠵᠢ ᠤᠯᠪᠠ᠃ 2025 ᠣᠨ ᠠᠴᠠ ᠨᠠᠰᠢ᠂ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠶᠡᠷᠦᠩᠬᠡᠶᠢᠯᠡᠨ ᠵᠠᠰᠠᠬᠤ ᠲᠥᠪ ᠠᠴᠠ ᠨᠡᠶᠢᠲᠡ 380 ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠢᠯᠡᠷᠡᠭᠦᠯᠵᠦ᠂ | 376 ᠬᠡᠷᠡᠭ ᠢ ᠨᠢᠬᠡᠨᠳᠡ ᠰᠢᠢᠳᠪᠦᠷᠢᠯᠡᠪᠡ᠃ ᠠᠯᠢ ᠣᠯᠠᠨ ᠵᠥᠷᠢᠴᠡᠯ ᠵᠢᠭᠤᠷᠠᠯᠳᠤᠭᠠᠨ ᠢ ᠶᠡᠷᠦᠩᠬᠡᠶᠢᠯᠡᠨ ᠵᠠᠰᠠᠬᠤ | ᠲᠥᠪ ᠲᠤ ᠲᠣᠬᠢᠲᠠᠶ ᠰᠢᠢᠳᠪᠦᠷᠢᠯᠡᠬᠦ ᠶᠢ ᠳᠠᠭᠠᠯᠳᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠶ ᠪᠠᠲᠤᠯᠠᠵᠤ᠂ ᠨᠡᠶᠢᠭᠡᠮ ᠤᠨ ᠡᠮᠬᠢ ᠳᠢᠭᠯᠢᠮ ᠢ ᠨᠠᠩ ᠡᠶ᠎ᠡ ᠵᠣᠬᠢᠴᠠᠯ ᠲᠠᠢ ᠲᠣᠭᠲᠠᠭᠤᠨ ᠪᠣᠯᠭᠠᠪᠠ᠃ | ᠹᠧᠩᠵᠧᠨ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ ᠬᠠᠷᠢᠭᠤᠴᠠᠯᠭᠠᠲᠠᠨ ᠬᠠᠨ ᠵᠢᠶᠠ ᠸᠧᠶ | ᠳᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ ᠬᠢᠨ ᠠᠵᠢᠯᠯᠠᠭᠠᠨ ᠤ | ᠲᠣᠭᠲᠠᠴᠠ ᠶᠢᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠬᠦᠴᠦᠯᠡᠨ ᠭᠦᠨᠵᠡᠭᠡᠶᠢᠷᠡᠭᠦᠯᠵᠦ᠂ ︽ᠨᠢᠭᠡᠳᠦᠯᠲᠡᠶ | ᠭᠥᠯᠢᠶᠡᠨ ᠠᠪᠴᠤ ᠰᠢᠢᠳᠪᠦᠷᠢᠯᠡᠬᠦ ᠴᠣᠩᠬᠤ᠂ ᠨᠠᠷᠢᠯᠢᠭ ᠤᠨᠤᠪᠴᠢᠳᠠᠢ ᠪᠠᠷ ᠡᠷᠭᠢᠯᠲᠡ ᠶᠢᠨ ᠠᠯᠪᠠᠨ ᠬᠡᠷ ᠬᠤᠪᠢᠶᠠᠬᠤ᠂ | ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ᠂ ᠪᠥᠬᠦ ᠶᠠᠪᠤᠴᠠ ᠶᠢ ᠴᠠᠭᠠᠷᠢᠭᠯᠠᠨ ᠬᠠᠮᠢᠶᠠᠷᠬᠤ︾ | ᠪᠠᠷᠢᠮᠵᠢᠶᠠᠵᠢᠭᠤᠯᠤᠭᠰᠠᠨ ᠠᠵᠢᠯ ᠤᠨ ᠴᠤᠪᠤᠷᠠᠯ ᠢ ᠪᠠᠶᠢᠭᠤᠯᠬᠤ ᠪᠠᠷ ᠳᠠᠮᠵᠢᠭᠤᠯᠤᠨ᠂ ︽ᠨᠢᠭᠡ ᠬᠡᠷᠡᠭ ᠲᠤ ᠨᠢᠭᠡ ᠺᠣᠳ᠋︾ | ᠲᠠᠢ ᠪᠠᠶᠢᠬᠤ ᠶᠢ ᠪᠡᠶᠡᠯᠡᠭᠦᠯᠵᠦ᠂ ᠠᠷᠠᠳ ᠣᠯᠠᠨ ᠳᠤ ᠬᠡᠷᠡᠭ ᠢ ᠰᠢᠢᠳᠪᠦᠷᠢᠯᠡᠵᠦ ᠪᠠᠶᠢᠭ᠎ᠠ ᠠᠬᠢᠴᠠ ᠶᠢ ᠴᠠᠭ | ᠲᠤᠬᠠᠶ ᠳᠤᠨᠢ ᠣᠶᠢᠯᠠᠭᠠᠭᠤᠯᠵᠤ᠂ ᠠᠷᠠᠳ ᠣᠯᠠᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠴᠥᠮ ᠰᠢᠢᠳᠪᠦᠷᠢᠯᠡᠬᠦ | ᠬᠥᠮᠦᠨ ᠲᠠᠢ᠂ ᠬᠦᠰᠡᠯ ᠱᠠᠭᠠᠷᠳᠠᠯᠭ᠎ᠠ ᠨᠢᠭᠡᠪᠦᠷᠢ ᠶᠢ ᠴᠥᠮ ᠠᠬᠢᠭᠤᠯᠬᠤ ᠬᠥᠮᠦᠨ ᠲᠠᠢ ᠪᠠᠶᠢᠬᠤ ᠶᠢ ᠦᠨᠡᠨᠬᠦ | ᠪᠠᠲᠤᠯᠠᠨ᠎ᠠ ᠭᠡᠪᠡ᠃ | | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |