| X576 ᠲᠤᠭ ᠤᠨ ᠠᠭᠤᠯᠠ ᠠᠴᠠ ᠮᠠᠶᠢᠬᠤᠲᠤ ᠪᠠᠯᠭᠠᠰᠤ᠂ ᠹᠧᠩᠵᠧᠨ᠂ ᠳ᠋ᠦᠩ ᠵᠢᠶᠠ ᠯᠦᠸᠠᠨ ᠬᠦᠷᠬᠦ | ᠠᠭᠤᠯᠠᠨ ᠬᠡᠰᠡᠭ ᠤᠨ ᠵᠠᠮ ᠤᠨ ᠭᠠᠳᠠᠷᠭᠤ ᠰᠠᠭᠤᠭᠳᠠᠭᠰᠠᠨ ᠠᠴᠠ ᠠᠮᠤᠷ ᠲᠦᠪᠰᠢᠨ ᠤ ᠳᠠᠯᠳᠠ ᠭᠡᠮ ᠣᠷᠣᠰᠢᠵᠤ᠂ | ᠨᠠᠰᠢ ᠴᠠᠰᠢ ᠥᠩᠭᠡᠷᠡᠬᠦ ᠲᠡᠷᠭᠡᠨ ᠤ ᠠᠮᠤᠷ ᠲᠦᠪᠰᠢᠨ ᠢ ᠨᠥᠯᠥᠭᠡᠯᠡᠪᠡ᠃ ᠠᠮᠤᠷ ᠲᠦᠪᠰᠢᠨ ᠤ ᠬᠡᠮ ᠰᠣᠭᠤᠭ ᠢ | ᠴᠠᠭ ᠲᠤᠬᠠᠶ ᠳᠤᠨᠢ ᠠᠷᠢᠯᠭᠠᠬᠤ ᠶᠢᠨ ᠲᠥᠯᠥᠭᠡ᠂ ᠹᠧᠩᠵᠧᠨ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠠᠴᠠ | X576 ᠲᠤᠭ ᠤᠨ ᠠᠭᠤᠯᠠ ᠠᠴᠠ ᠮᠠᠶᠢᠬᠤᠲᠤ ᠪᠠᠯᠭᠠᠰᠤ᠂ ᠹᠧᠩᠵᠧᠨ᠂ ᠳ᠋ᠦᠩ ᠵᠢᠶᠠ ᠯᠦᠸᠠᠨ ᠬᠦᠷᠬᠦ ᠠᠭᠤᠯᠠᠨ | ᠬᠡᠰᠡᠭ ᠤᠨ ᠵᠠᠮ ᠤᠨ ᠭᠠᠳᠠᠷᠭᠤ ᠶᠢ ᠰᠡᠯᠪᠢᠨ ᠵᠠᠰᠠᠬᠤ ᠪᠠᠷ ᠲᠥᠯᠥᠪᠯᠡᠵᠦ ᠪᠣᠶ᠃ ︽ᠵᠠᠰᠠᠮᠠᠯ ᠵᠠᠮ ᠤᠨ ᠬᠠᠤᠯᠢ︾᠂ | ︽ᠵᠠᠰᠠᠮᠠᠯ ᠵᠠᠮ ᠤᠨ ᠬᠠᠮᠢᠶᠠᠷᠤᠯᠲᠠ ᠶᠢᠨ ᠲᠦᠷᠢᠮ︾᠂ ︽ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ | ᠲᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ | ᠵᠠᠷᠯᠠᠶ᠎ᠠ᠄ | ᠨᠢᠭᠡ᠂ ᠪᠠᠷᠢᠯᠭ᠎ᠠ ᠪᠠᠷᠢᠬᠤ ᠴᠠᠭ | 4 ᠰᠠᠷ᠎ᠠ ᠶᠢᠨ 8 ᠤ ᠡᠳᠦᠷ ᠤᠨ ᠲᠡᠭ ᠴᠠᠭ ᠠᠴᠠ 5 ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ | X576 ᠲᠤᠭ ᠤᠨ ᠠᠭᠤᠯᠠ ᠠᠴᠠ ᠮᠠᠶᠢᠬᠤᠲᠤ ᠪᠠᠯᠭᠠᠰᠤ᠂ ᠹᠧᠩᠵᠧᠨ᠂ ᠳ᠋ᠦᠩ ᠵᠢᠶᠠ ᠯᠦᠸᠠᠨ ᠬᠦᠷᠬᠦ ᠠᠭᠤᠯᠠᠨ | ᠬᠡᠰᠡᠭ ᠤᠨ ᠵᠠᠮ ᠤᠨ ᠭᠠᠳᠠᠷᠭᠤ ᠶᠢ ᠰᠡᠯᠪᠢᠨ ᠵᠠᠰᠠᠨ᠎ᠠ᠃ 5 ᠰᠠᠷ᠎ᠠ ᠶᠢᠨ 26 ᠤ ᠡᠳᠦᠷ ᠤᠨ ᠲᠡᠭ ᠴᠠᠭ ᠲᠤ ᠵᠠᠮ | ᠬᠠᠷᠢᠯᠴᠠᠭ᠎ᠠ ᠨᠡᠪᠲᠡᠷᠡᠨ᠎ᠡ᠃ ᠬᠡᠷᠪᠡ ᠲᠤᠰ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠪᠠᠷᠢᠯᠭ᠎ᠠ ᠶᠢ ᠪᠠᠷᠢᠵᠤ | ᠳᠠᠭᠤᠰᠬᠠᠭᠰᠠᠨ ᠦᠭᠡᠢ ᠪᠠᠶᠢᠪᠠᠯ᠂ ᠲᠣᠭᠤᠷᠢᠵᠤ ᠶᠠᠪᠤᠬᠤ ᠴᠠᠭ ᠢ ᠪᠠᠷᠢᠯᠭ᠎ᠠ ᠶᠢᠨ ᠠᠵᠢᠯ ᠳᠠᠭᠤᠰᠤᠭᠰᠠᠨ ᠡᠳᠦᠷ | ᠬᠦᠷᠲᠡᠯ᠎ᠡ ᠤᠷᠲᠤᠳᠬᠠᠨ᠎ᠠ᠃ | ᠬᠤᠶᠠᠷ᠂ ᠲᠣᠭᠤᠷᠢᠨ ᠶᠠᠪᠤᠬᠤ ᠵᠠᠮ | ᠪᠠᠷᠢᠯᠭ᠎ᠠ ᠶᠢᠨ ᠠᠵᠢᠯ ᠬᠢᠵᠦ ᠪᠠᠶᠢᠭ᠎ᠠ ᠬᠤᠭᠤᠴᠠᠭᠠᠨ ᠳᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ | ᠰᠠᠨᠠᠭᠤᠯᠤᠮᠵᠢ ᠶᠢᠨ ᠲᠡᠮᠳᠡᠭ ᠤᠨ ᠶᠣᠰᠣᠭᠠᠷ ᠬᠤᠷᠳᠤᠴᠠ ᠪᠠᠨ ᠪᠠᠭᠤᠷᠠᠭᠤᠯᠤᠨ ᠤᠳᠠᠭᠠᠨ ᠶᠠᠪᠤᠵᠤ ᠵᠠᠮ ᠤᠨ ᠰᠡᠯᠪᠢᠨ | ᠵᠠᠰᠠᠬᠤ ᠬᠡᠰᠡᠭ ᠤᠨ ᠵᠡᠭᠦᠨ ᠲᠠᠯ᠎ᠠ ᠶᠢᠨ ᠶᠠᠪᠠᠭᠠᠨ ᠵᠠᠮ ᠢᠶᠠᠷ ᠶᠠᠪᠤᠬᠤ ᠬᠡᠷᠡᠭᠲᠡᠶ᠃ ᠬᠡᠮᠵᠢᠶ᠎ᠡ ᠳᠠᠭᠠᠭᠠᠴᠠ ᠠᠴᠠ | ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢᠨ X576 ᠲᠤᠭ ᠤᠨ ᠠᠭᠤᠯᠠᠨ ᠠᠴᠠ ᠮᠠᠶᠢᠬᠤᠲᠤ ᠪᠠᠯᠭᠠᠰᠤ | ᠬᠥᠷᠬᠦ ᠬᠡᠰᠡᠭ ᠢᠶᠠᠷ ᠨᠡᠪᠲᠡᠷᠡᠬᠦ ᠶᠢ ᠴᠢᠩᠭ᠎ᠠ ᠴᠠᠭᠠᠵᠠᠯᠠᠨ᠎ᠠ᠃ | ᠭᠤᠷᠪᠠ᠂ ᠪᠤᠰᠤᠳ ᠵᠦᠢᠯ | ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠪᠠᠷᠢᠯᠭ᠎ᠠ ᠶᠢᠨ ᠠᠵᠢᠯ ᠤᠨ ᠲᠡᠷᠭᠡ ᠤᠨᠤᠭ᠎ᠠ ᠠᠴᠠ ᠪᠤᠰᠤᠳ | ᠠᠯᠢᠪᠠ ᠲᠡᠷᠭᠡ ᠤᠨᠤᠭ᠎ᠠ᠂ ᠶᠠᠪᠠᠭᠠᠨ ᠬᠥᠮᠦᠨ ᠰᠡᠯᠪᠢᠨ ᠵᠠᠰᠠᠬᠤ ᠵᠠᠮ ᠤᠨ ᠬᠡᠰᠡᠭ ᠢᠶᠠᠷ ᠶᠠᠪᠤᠵᠤ ᠪᠣᠯᠬᠤ ᠦᠭᠡᠢ᠃ | ᠨᠠᠰᠢ ᠴᠠᠰᠢ ᠶᠠᠪᠤᠬᠤ ᠲᠡᠷᠭᠡ ᠬᠥᠰᠬᠡ ᠪᠣᠯᠤᠨ ᠵᠠᠮ ᠳᠠᠭᠠᠤ ᠶᠢᠨ ᠰᠠᠭᠤᠭᠠᠯᠢ ᠠᠷᠠᠳ᠂ ᠨᠢᠭᠡᠴᠡ ᠨᠦᠭᠦᠳ ᠶᠠᠪᠤᠵᠤ | ᠰᠠᠭᠤᠬᠤ ᠵᠠᠮ ᠱᠤᠭᠤᠮ ᠪᠣᠯᠤᠨ ᠴᠠᠭ ᠢᠶᠠᠨ ᠵᠦᠶ ᠵᠣᠬᠢᠰᠲᠠᠶ ᠲᠣᠬᠢᠷᠠᠭᠤᠯᠵᠤ᠂ ᠵᠠᠮ ᠬᠠᠷᠢᠯᠴᠠᠭᠠᠨ ᠤ | ᠵᠢᠯᠣᠭᠤᠳᠣᠯᠭ᠎ᠠ ᠬᠠᠮᠢᠶᠠᠷᠤᠯᠲᠠ ᠶᠢ ᠳᠠᠭᠠᠬᠤ ᠶᠢᠨ ᠬᠠᠮᠲᠤ ᠵᠢᠭᠠᠯᠲᠠ ᠶᠢᠨ ᠲᠡᠮᠳᠡᠭ ᠢᠶᠠᠷ ᠲᠣᠭᠤᠷᠢᠵᠤ ᠶᠠᠪᠤᠭᠠᠷᠠᠶ᠃ | ᠵᠠᠰᠠᠮᠠᠯ ᠵᠡᠮ ᠤᠨ ᠪᠠᠷᠢᠯᠭ᠎ᠠ ᠶᠢᠨ ᠠᠵᠢᠯ ᠢ ᠬᠠᠷᠰᠢᠯᠠᠭᠠᠳ ᠪᠠᠷᠢᠯᠭ᠎ᠠ ᠶᠢᠨ ᠠᠵᠢᠯ ᠢ ᠬᠡᠪ ᠤᠨ ᠪᠠᠶᠢᠳᠠᠯ ᠢᠶᠠᠷ | ᠶᠠᠪᠤᠭᠳᠠᠵᠤ ᠴᠢᠳᠠᠬᠤ ᠤᠢᠭᠡᠢ ᠪᠣᠯᠭᠠᠭᠰᠠᠨ ᠪᠣᠯᠪᠠᠴᠤ ᠬᠠᠷᠠᠬᠠᠨ ᠬᠦᠨᠳᠦ ᠨᠣᠴᠢᠲᠠᠶ ᠬᠤᠬᠢᠷᠠᠯ ᠤᠴᠠᠷᠠᠭᠤᠯᠤᠭᠰᠠᠨ | ᠤᠢᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠠᠮᠤᠷ ᠢ ᠬᠠᠮᠠᠭᠠᠯᠠᠬᠤ ᠠᠵᠢᠯ ᠤᠨ | ᠬᠠᠮᠢᠶᠠᠷᠤᠯᠲᠠ ᠶᠢᠨ ᠰᠢᠢᠳᠭᠡᠬᠦ ᠲᠦᠷᠢᠮ︾ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠰᠢᠢᠳᠭᠡᠨ᠎ᠡ︔ | ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠪᠠᠷᠢᠯᠭ᠎ᠠ ᠶᠢᠨ ᠠᠵᠢᠯ ᠨᠢ ᠨᠠᠰᠢ ᠴᠠᠰᠢ ᠵᠣᠷᠴᠢᠬᠤ ᠲᠡᠷᠭᠡᠨ ᠵᠢᠯᠤᠭᠤᠴᠢ ᠵᠢᠴᠢ | ᠶᠠᠪᠠᠭᠠᠨ ᠬᠥᠮᠦᠨ ᠳᠤ ᠨᠥᠯᠥᠭᠡ ᠪᠣᠯᠬᠤ ᠪᠤᠶᠤ ᠰᠠᠭᠠᠳ ᠤᠴᠠᠷᠠᠭᠤᠯᠬᠤ ᠤᠴᠢᠷ ᠠᠴᠠ ᠳᠡᠮᠵᠢᠯᠭᠡ ᠪᠠ ᠠᠭᠤᠴᠢᠯᠠᠯ ᠢ | ᠬᠦᠰᠡᠵᠦ ᠪᠠᠶᠢᠨ᠎ᠠ᠃ | | | ᠹᠧᠩᠵᠧᠨ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ | ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2025 ᠣᠨ ᠤ 4 ᠰᠠᠷ᠎ᠠ ᠶᠢᠨ 7 ᠶᠢᠨ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |