| ᠣᠶᠢᠷ᠎ᠠ ᠳᠤ᠂ ᠬᠤᠸᠠ ᠰᠢᠨ ᠯᠢᠦᠶ ᠶᠤᠸᠠᠨ ︵ᠥᠪᠥᠷ ᠮᠣᠩᠭᠤᠯ︶ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠤᠸᠠ ᠰᠢᠨ ᠠᠶᠤᠯᠲᠠᠶ | ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠹᠧᠩᠵᠧᠨ ᠬᠤᠲᠠ ᠳᠤ | ᠪᠥᠬᠦ ᠲᠠᠯ᠎ᠠ ᠪᠠᠷ ᠡᠬᠢᠯᠡᠨ ᠪᠠᠶᠢᠭᠤᠯᠪᠠ᠃ ᠤᠯᠤᠰ ᠤᠨ ᠲᠦᠷᠦᠭᠦᠤ ᠪᠦᠯᠦᠭ ᠲᠤ ᠲᠣᠭᠲᠠᠭᠠᠭᠰᠠᠨ ᠣᠷᠣᠨ | ᠪᠦᠰᠡ ᠶᠢᠨ ᠴᠢᠨᠠᠷᠲᠠᠶ ᠣᠨᠴᠠᠭᠠᠶ ᠠᠶᠤᠯᠲᠠᠶ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ 16 | ᠲᠥᠪ ᠤᠨ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠲᠥᠷᠥᠯ ᠵᠦᠢᠯ ᠤᠨ ᠠᠵᠢᠯ ᠤᠨ ᠡᠬᠢᠯᠡᠬᠦ ᠨᠢ | ᠹᠧᠩᠵᠧᠨ ᠬᠤᠲᠠ ᠶᠢᠨ ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢᠨ ᠬᠢᠷᠢ ᠲᠦᠪᠰᠢᠨ ᠤ | ᠴᠢᠬᠤᠯᠠ ᠶᠡᠭᠡ ᠰᠢᠪᠲᠤᠯᠤᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠣᠷᠣᠨ ᠪᠦᠰᠡ ᠶᠢᠨ ᠠᠮᠢ ᠠᠬᠤᠶ ᠶᠢᠨ | ᠣᠷᠴᠢᠨ ᠨᠥᠬᠦᠴᠡᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ | ᠠᠷᠭ᠎ᠠ ᠬᠡᠮᠵᠢᠶ᠎ᠡ ᠪᠠᠶᠢᠵᠤ᠂ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠣᠷᠣᠬᠤ ᠳᠤ᠂ ᠠᠵᠢᠯᠴᠢᠳ | ᠨᠢᠭᠡᠳᠦᠭᠡᠷ ᠹᠷᠣᠨᠲ ᠲᠤ ᠶᠠᠭᠠᠷᠠᠯᠲᠠᠢ ᠠᠵᠢᠯᠯᠠᠵᠤ᠂ ᠡᠯ᠎ᠡ ᠠᠵᠢᠯ ᠤᠨ ᠲᠣᠭᠤᠷᠢᠭ ᠲᠤ ᠡᠮᠬᠢ ᠵᠠᠮᠪᠠᠷᠠᠭ᠎ᠠ ᠲᠠᠢ | ᠠᠵᠢᠯᠯᠠᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠪᠠ᠃ | ︽ᠲᠣᠰ ᠲᠥᠷᠥᠯ ᠵᠦᠢᠯ ᠨᠢ ᠬᠠᠶᠠᠭᠳᠠᠮᠠᠯ ᠪᠣᠳᠠᠰ ᠢᠶᠠᠷ ᠬᠠᠶᠠᠭᠳᠠᠮᠠᠯ ᠪᠣᠳᠠᠰ ᠢ ᠵᠠᠰᠠᠬᠤ ᠰᠡᠳᠬᠢᠮᠵᠢ ᠶᠢ | ᠬᠡᠷᠡᠭᠯᠡᠨ᠂ ᠠᠳᠠᠯᠢ ᠪᠤᠰᠤ ᠠᠶᠤᠯᠲᠠᠶ ᠬᠠᠶᠠᠭᠳᠠᠮᠠᠯ ᠪᠣᠳᠠᠰ ᠤᠨ ᠥᠪᠡᠷᠮᠢᠴᠡ ᠴᠢᠨᠠᠷ ᠢ ᠠᠰᠢᠭᠯᠠᠨ᠂ ᠡᠬᠢ | ᠪᠠᠶᠠᠯᠢᠭᠵᠢᠭᠤᠯᠬᠤ ᠶᠠᠪᠤᠴᠠ ᠳᠠᠬᠢ ᠡᠮ ᠨᠠᠶᠢᠷᠠᠯᠭ᠎ᠠ ᠶᠢᠨ ᠬᠤᠷᠣᠭᠳᠠᠯ ᠢ ᠪᠠᠭᠠᠰᠬᠠᠵᠤ᠂ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠪᠡᠶᠡᠯᠡᠬᠦᠯᠬᠦ ᠮᠦᠷᠳᠡᠭᠡᠨ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠪᠣᠶ ᠪᠣᠯᠤᠭᠰᠠᠨ ᠲᠠᠯᠠᠰᠲᠤ ᠳᠠᠪᠤᠰᠤ ᠨᠢ ᠴᠠᠰᠤ ᠬᠠᠶᠢᠯᠤᠭᠤᠯᠬᠤ ᠡᠳ᠋᠂ ᠳᠠᠷᠤᠮᠠᠯᠯᠠᠨ | ᠪᠤᠳᠤᠬᠤ ᠳᠠᠪᠤᠰᠤ ᠵᠡᠷᠭᠡ ᠦᠢᠯᠡᠳᠭᠦᠨ ᠤ ᠱᠠᠭᠠᠷᠳᠠᠯᠭ᠎ᠠ ᠶᠢ ᠬᠠᠩᠭᠠᠵᠤ᠂ ᠵᠠᠬ᠎ᠠ ᠳᠡᠯᠭᠡᠭᠦᠷᠴᠢᠯᠡᠨ ᠪᠣᠷᠣᠯᠠᠭᠤᠯᠬᠤ ᠶᠢ | ᠪᠡᠶᠡᠯᠡᠬᠦᠯᠦᠨ᠂ ᠲᠥᠷᠥᠯ ᠵᠦᠢᠯ ᠤᠨ ᠶᠠᠪᠤᠴᠠ ᠳᠤ ᠪᠣᠶ ᠪᠣᠯᠤᠭᠰᠠᠨ ᠬᠠᠶᠠᠭᠳᠠᠮᠠᠯ ᠰᠢᠭᠠᠷᠦ ᠶᠢ ᠰᠢᠨ᠎ᠡ ᠮᠠᠶ᠋ᠢᠭ ᠤᠨ | ᠳᠤᠯᠠᠭᠠᠨ ᠬᠠᠳᠠᠭᠠᠯᠠᠬᠤ ᠮᠠᠲ᠋ᠧᠷᠢᠶᠠᠯ ᠪᠣᠯᠭᠠᠨ ᠦᠢᠯᠡᠳᠴᠦ᠂ ᠠᠶᠤᠯᠲᠠᠶ ᠬᠠᠶᠠᠭᠳᠠᠮᠠᠯ ᠪᠣᠳᠠᠰ ᠢ ᠬᠠᠳᠠᠭᠠᠵᠤ ᠰᠢᠪᠬᠠᠨ | ᠴᠡᠪᠡᠷᠯᠡᠵᠦ᠂ ᠠᠶᠤᠯᠲᠠᠶ ᠬᠠᠶᠠᠭᠳᠠᠮᠠᠯ ᠪᠣᠳᠠᠰ ᠢ ᠵᠢᠭᠠᠬᠠᠨ ᠴᠦ ᠭᠡᠰᠡᠨ ᠭᠠᠵᠠᠷ ᠲᠤ ᠪᠤᠯᠠᠬᠤ ᠥᠬᠡᠶ ᠬᠠᠷᠠᠯᠲᠠ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ︾ ᠬᠡᠵᠦ ᠬᠤᠸᠠ ᠰᠢᠨ ᠯᠢᠦᠶ ᠶᠤᠸᠠᠨ ︵ᠥᠪᠥᠷ ᠮᠣᠩᠭᠤᠯ︶ ᠣᠷᠴᠢᠨ | ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ | ᠶᠡᠷᠦᠩᠬᠡᠶ ᠬᠢᠨᠠᠭᠴᠢ ᠵᠢᠶ ᠯᠸᠢ ᠯᠸᠢ ᠰᠤᠷᠪᠤᠯᠵᠢᠯᠠᠭᠴᠢ ᠳᠤ ᠲᠠᠨᠢᠯᠴᠠᠭᠤᠯᠤᠨ᠎ᠠ᠃ | | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ 2024 ᠣᠨ ᠤ 7 ᠰᠠᠷ᠎ᠠ ᠶᠢᠨ 19 ᠤ ᠡᠳᠦᠷ ᠤᠯᠤᠰ ᠤᠨ | ︽ᠠᠶᠤᠯᠲᠠᠶ ᠬᠠᠶᠠᠭᠳᠠᠮᠠᠯ ᠪᠣᠳᠠᠰ ᠤᠨ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ | ᠬᠡᠷᠡᠭᠵᠢᠭᠦᠯᠬᠦ ᠲᠥᠰᠦᠯ ︵2023 — 2025 ᠣᠨ︶︾ ᠤᠨ ᠲᠦᠷᠦᠭᠦᠤ ᠪᠦᠯᠦᠭ ᠤᠨ ᠣᠨᠴᠠᠭᠠᠶ ᠠᠶᠤᠯᠲᠠᠶ | ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠲᠥᠪ ᠤᠨ ᠲᠥᠷᠥᠯ ᠵᠦᠢᠯ ᠳᠤ ᠠᠮᠵᠢᠯᠲᠠ ᠲᠠᠢ ᠪᠠᠷ | ᠰᠣᠩᠭᠤᠭᠳᠠᠪᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 26571.66 ᠲᠦᠮᠡᠨ ᠲᠥᠭᠦᠷᠢᠭ᠂ | ᠡᠵᠡᠯᠡᠬᠦ ᠲᠠᠯᠠᠪᠠᠶ ᠨᠢ 11385 ᠲᠡᠭᠰᠢ ᠳᠥᠷᠪᠡᠯᠵᠢᠨ ᠮᠧᠲᠷ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ | ᠬᠡᠪᠴᠢᠶ᠎ᠡ ᠨᠢ ᠵᠢᠯ ᠳᠤ 7.5 ᠲᠦᠮᠡᠨ ᠲᠣᠨ ᠪᠣᠯᠤᠨ᠎ᠠ᠃ ᠣᠳᠣᠬᠠᠨ ᠳᠤ᠂ ᠲᠥᠷᠥᠯ ᠵᠦᠢᠯ ᠨᠢ ᠨᠢᠭᠡᠨᠲᠡ | ᠲᠥᠬᠦᠭᠡᠷᠦᠮᠵᠢ ᠤᠭᠰᠠᠷᠠᠬᠤ ᠵᠠᠩᠭᠢᠯᠠᠭ᠎ᠠ ᠶᠢᠨ ᠱᠠᠲᠤᠨ ᠳᠤ ᠪᠠᠶᠢᠵᠤ᠂ ᠵᠢᠱᠢᠯᠲᠡ ᠪᠠᠷ 2026 ᠣᠨ ᠤ 6 ᠰᠠᠷ᠎ᠠ ᠳᠤ | ᠵᠢᠩᠬᠢᠨᠢ ᠪᠠᠷ ᠠᠰᠢᠭᠯᠠᠯᠲᠠ ᠳᠤ ᠣᠷᠣᠬᠤ ᠪᠣᠯᠤᠨ᠎ᠠ᠃ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠤᠯᠠᠭᠠᠨᠴᠠᠪ | ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠶᠤᠯᠲᠠᠶ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠬᠤᠭᠤᠰᠣᠨ ᠢ ᠨᠥᠬᠦᠪᠥᠷᠢᠯᠡᠵᠦ᠂ ᠠᠶᠤᠯᠲᠠᠶ ᠬᠠᠶᠠᠭᠳᠠᠮᠠᠯ ᠪᠣᠳᠠᠰ ᠤᠨ ᠰᠢᠢᠳᠪᠦᠷᠢᠯᠡᠯᠲᠡ ᠶᠢ | ᠲᠤᠰᠬᠠᠶᠢᠵᠢᠭᠤᠯᠬᠤ᠂ ᠬᠡᠪᠴᠢᠶᠡᠵᠢᠭᠦᠯᠬᠦ ᠴᠢᠭᠯᠡᠯ ᠢᠶᠠᠷ ᠤᠷᠤᠭᠰᠢᠯᠠᠭᠤᠯᠬᠤ ᠶᠢ ᠠᠬᠢᠭᠤᠯᠤᠨ᠎ᠠ᠃ | | | ᠵᠣᠬᠢᠶᠠᠭᠴᠢ᠄ ᠰᠢᠤᠸᠠᠨ ᠶᠠᠨ ᠵᠢᠶᠠ ᠯᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠡᠴᠦᠰ ᠤᠨ ᠬᠢᠨᠠᠯᠲᠠ᠄ ᠵᠠᠩ ᠰᠢᠶᠤᠤ ᠵᠢᠶᠦ᠋ᠨ ᠵᠧᠤ ᠵᠢᠶᠦ᠋ᠨ ᠫᠢᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |